ᠪᠠᠷᠠᠭᠤᠨ ᠤᠷᠤᠨ ᠤ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶  ᠲᠦᠰᠦᠯ ᠤᠨ ᠨᠠᠮᠤᠷ ᠤᠨ ᠤᠯᠠᠷᠢᠯ ᠤᠨ ᠤᠶᠢᠵᠢᠭᠤᠯᠤᠯᠳᠠ ᠶᠢᠨ ᠠᠵᠢᠯ ᠢ ᠡᠬᠢᠯᠡᠭᠰᠡᠨ
ᠨᠡᠶᠢᠲᠡᠯᠡᠭᠰᠡᠨ ᠴᠠᠭ᠄
2024/11/4
      ᠪᠠᠳᠠᠢ ᠶᠢᠨ ᠵᠢᠷᠠᠨ ᠡᠯᠡᠰᠤᠨ ᠤ ᠵᠡᠭᠦᠨ ᠡᠮᠤᠨ᠎ᠡ ᠵᠠᠬ᠎ᠠ  ᠳᠠᠬᠢ ᠪᠠᠷᠠᠭᠤᠨ ᠤᠷᠤᠨ ᠤ ᠡᠯᠡᠰᠦᠷᠭᠡᠭᠵᠢᠯ ᠢ ᠶᠡᠷᠤᠩᠬᠡᠶᠢᠯᠡᠨ ᠵᠠᠰᠠᠬᠤ ᠢᠨᠵᠧᠨᠧᠷᠢᠩ ᠤᠨ ᠡᠯᠡᠰᠤ ᠶᠢ ᠲᠤᠭᠳᠠᠪᠤᠷᠢᠵᠢᠭᠤᠯᠬᠤ  ᠣᠷᠣᠨ ᠪᠤᠯ ᠡᠾᠧᠰᠢ ᠶᠢᠨ ᠬᠤᠩᠬᠢᠯ — ᠲᠠᠺᠯᠢᠮᠠᠺᠠᠨ  ᠡᠯᠡᠰᠦᠨ ᠴᠦᠯ ᠤᠨ ᠬᠦᠪᠡᠭᠡ ᠲᠠᠭᠠᠤ ᠶᠢᠨ ᠬᠤᠷᠢᠭᠯᠠᠯᠲᠠ ᠶᠢᠨ ᠲᠠᠶᠢᠯᠠᠯᠳᠤᠭᠠᠨ ᠤ ᠭᠤᠤᠯ ᠪᠤᠯᠬᠤ ᠣᠷᠣᠨ ᠤ ᠨᠢᠭᠡ ᠬᠡᠰᠡᠭ ᠮᠦᠨ᠃ ᠡᠯᠡᠰᠦᠷᠭᠡᠭᠵᠢᠯ ᠢ ᠵᠠᠰᠠᠬᠤ ᠭᠤᠤᠯ ᠲᠠᠶᠢᠯᠠᠯᠳᠤᠭᠠᠨ ᠤ ᠲᠠᠯᠠᠪᠤᠷ  ᠡᠯᠡᠰᠤᠨ ᠰᠢᠭᠤᠷᠭ᠎ᠠ ᠠᠴᠠ ᠰᠡᠷᠭᠡᠶᠢᠯᠡᠬᠦ ᠭᠤᠤᠯ  ᠰᠡᠷᠭᠡᠶᠢᠯᠡᠯᠲᠡ ᠶᠢᠨ ᠱᠤᠭᠤᠮ ᠪᠤᠯᠤᠭᠰᠠᠨ ᠤ ᠬᠤᠪᠢ ᠳᠤ᠂ ᠦᠨᠦ ᠵᠢᠯ ᠠᠯᠠᠱᠠ ᠪᠠᠷᠠᠭᠤᠨ ᠬᠤᠰᠢᠭᠤ  ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ 201.85 ᠲᠦᠮᠡᠨ ᠮᠤ᠋ ᠭᠠᠵᠠᠷ  ᠢ ᠣᠶᠢᠵᠢᠭᠤᠯᠵᠤ᠂ 8.6 ᠳ᠋ᠦᠩᠰᠢᠭᠤᠷ ᠲᠦᠭᠦᠷᠢᠭ ᠤᠨ ᠪᠡᠯᠡ  ᠣᠷᠣᠭᠤᠯᠤᠨ᠂ ᠣᠳᠣ ᠨᠠᠮᠤᠷ ᠤᠨ ᠤᠯᠠᠷᠢᠯ ᠤᠨ ᠤᠶᠢᠵᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ 
1.jpg
      ᠠᠯᠠᠱᠠ ᠠᠶᠢᠮᠠᠭ ᠤᠨ ᠦᠪᠤᠷ ᠮᠤᠩᠭᠤᠯ ᠤᠨ ᠪᠠᠷᠠᠭᠤᠨ ᠤᠷᠤᠨ ᠤ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠶᠢᠨ ᠲᠦᠰᠦᠯ ᠤᠨ ᠠᠯᠠᠱᠠ ᠪᠠᠷᠠᠭᠤᠨ ᠬᠤᠰᠢᠭᠤᠨ ᠤ ᠬᠡᠰᠡᠭ ᠲᠤ᠂ ᠠᠵᠢᠯᠴᠢᠳ ᠤᠳᠤ ᠶᠠᠭ ᠵᠠᠭ ᠲᠠᠷᠢᠵᠦ ᠤᠰᠤᠯᠠᠬᠤ ᠵᠡᠷᠭᠡ ᠠᠵᠢᠯ ᠢ ᠶᠠᠭᠠᠷᠠᠯᠳᠠᠢ ᠬᠢᠵᠦ ᠪᠠᠶᠢᠨ᠎ᠠ᠃ ᠡᠾᠧᠰᠢ ᠶᠢᠨ ᠬᠤᠩᠬᠢᠯ — ᠲᠠᠺᠯᠢᠮᠠᠺᠠᠨ ᠡᠯᠡᠰᠦᠨ ᠴᠦᠯ ᠤᠨ ᠬᠦᠪᠡᠭᠡ ᠲᠠᠭᠠᠤ ᠶᠢᠨ ᠬᠤᠷᠢᠭᠯᠠᠯᠲᠠ ᠶᠢᠨ ᠲᠠᠶᠢᠯᠠᠯᠳᠤᠭᠠᠨ ᠤ ᠭᠤᠤᠯ ᠲᠠᠯᠠᠪᠤᠷ ᠪᠤᠯᠤᠭᠰᠠᠨ ᠤ ᠬᠤᠪᠢ ᠳᠤ᠂ ᠠᠯᠠᠱᠠ ᠪᠠᠷᠠᠭᠤᠨ ᠬᠤᠰᠢᠭᠤ ᠲᠡᠭᠡᠳᠤ ᠬᠡᠮᠵᠢᠶᠡᠨ ᠤ ᠡᠭᠦᠷᠭᠡ ᠬᠠᠷᠢᠭᠤᠴᠠᠯᠭᠠᠳᠤ ᠰᠡᠳᠬᠢᠯᠭᠡ ᠪᠠᠷ ᠰᠢᠨᠵᠢᠯᠡᠬᠦ ᠤᠬᠠᠭᠠᠨᠴᠢ ᠪᠠᠷ ᠲᠦᠰᠦᠪᠯᠡᠨ ᠲᠠᠷᠤᠢ ᠲᠦᠷᠭᠡᠨ ᠬᠦᠳᠤᠯᠤᠯᠴᠡᠠ᠂ ᠠᠯᠠᠱᠠ ᠠᠶᠢᠮᠠᠭ ᠤᠨ ᠦᠪᠤᠷ ᠮᠤᠩᠭᠤᠯ ᠤᠨ ᠪᠠᠷᠠᠭᠤᠨ ᠤᠷᠤᠨ ᠤ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭᠠᠨ︶ ᠤ ᠲᠦᠰᠦᠯ ᠢ ᠯᠠᠪᠳᠠᠭᠤᠨ ᠠᠬᠢᠴᠠ ᠲᠠᠢ ᠬᠡᠷᠡᠭᠵᠢᠭᠦᠯᠵᠦ ᠪᠠᠶᠢᠨ᠎ᠠ᠃    ᠪᠠᠷᠠᠭᠤᠨ ᠤᠷᠤᠨ ᠤ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ︵ᠬᠤᠶᠠᠳᠤᠭᠠᠷ ᠬᠤᠭᠤᠴᠠᠭ᠎ᠠ︶ ᠲᠦᠰᠦᠯ  ᠤᠨ ᠠᠮᠤᠷ ᠲᠦᠪᠰᠢᠨ ᠤ ᠶᠡᠷᠦᠩᠬᠡᠢ ᠬᠢᠨᠠᠭᠴᠢ  ᠯᠢᠦ ᠬᠤᠩ ᠢᠦᠢ᠄ ᠤᠳᠤ ᠪᠤᠯᠬᠤ ᠳᠤ ᠡᠪᠡᠰᠤᠨ ᠲᠦᠷᠪᠡᠯᠵᠢ ᠶᠢ ᠨᠢᠭᠡᠨᠳᠡ ᠲᠡᠪᠢᠰᠴᠤ ᠲᠠᠭᠤᠰᠤᠭᠰᠠᠨ᠃ 10 ᠰᠠᠷ᠎ᠠ  ᠠᠴᠠ ᠡᠬᠢᠯᠡᠨ ᠵᠠᠭ ᠲᠠᠷᠢᠬᠤ ᠠᠵᠢᠯ ᠢᠶᠠᠨ  ᠡᠬᠢᠯᠡᠭᠦᠯᠦᠭᠰᠡᠨ᠂ ᠡᠳᠤᠷ ᠪᠦᠷᠢ  ᠬᠤᠶᠠᠷ ᠲᠦᠮᠡᠨ ᠮᠤ᠋ ᠭᠠᠵᠠᠷ ᠲᠠᠷᠢᠵᠦ ᠪᠣᠢ᠂ 11 ᠰᠠᠷ᠎ᠠ ᠶᠢᠨ ᠰᠡᠭᠦᠯᠴᠢ  ᠪᠠᠷ  ᠠᠵᠢᠯ ᠢᠶᠠᠨ ᠲᠠᠭᠤᠰᠬᠠᠬᠤ ᠪᠠᠷ ᠲᠦᠰᠦᠪᠯᠡᠵᠦ ᠪᠠᠶᠢᠨ᠎ᠠ᠃ 
2.jpg
      2024 ᠤᠨ ᠳᠤ᠂  ᠠᠯᠠᠱᠠ ᠠᠶᠢᠮᠠᠭ ᠤᠨ ᠦᠪᠤᠷ ᠮᠤᠩᠭᠤᠯ ᠤᠨ ᠪᠠᠷᠠᠭᠤᠨ ᠤᠷᠤᠨ ᠤ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ︵︵ᠬᠤᠶᠠᠳᠤᠭᠠᠷ ᠬᠤᠭᠤᠴᠠᠭ᠎ᠠ︶ ᠶᠢᠨ ᠲᠦᠰᠦᠯ ᠵᠢᠩᠬᠢᠨᠢ ᠪᠠᠷ ᠡᠬᠢᠯᠡᠵᠦ᠂ ᠠᠯᠠᠱᠠ ᠪᠠᠷᠠᠭᠤᠨ ᠬᠤᠰᠢᠭᠤ 201.85 ᠲᠦᠮᠡᠨ ᠮᠤ᠋ ᠭᠠᠵᠠᠷ ᠤᠨ ᠪᠦᠳᠤᠭᠡᠨ ᠪᠠᠶᠢᠭᠤᠯᠤᠯᠳᠠ ᠶᠢᠨ ᠡᠭᠦᠷᠭᠡ ᠶᠢ ᠡᠭᠦᠷᠭᠡᠯᠡᠨ ᠂ ᠤᠳᠤ ᠪᠤᠯᠬᠤ ᠳᠤ ᠨᠢᠭᠡᠨᠳᠡ 161.81 ᠲᠦᠮᠡᠨ ᠮᠤ᠋ ᠶᠢ ᠠᠮᠵᠢᠯᠳᠠ ᠲᠠᠢ ᠪᠡᠶᠡᠯᠡᠭᠦᠯᠵᠦ᠂ ᠡᠭᠦᠨ ᠤ ᠲᠤᠮᠳᠠ᠂ ᠬᠦᠮᠤᠨ ᠤ ᠬᠦᠴᠤ ᠪᠠᠷ ᠲᠠᠷᠢᠭᠰᠠᠨ ᠡᠪᠡᠰᠤᠨ ᠤ ᠲᠠᠯᠠᠪᠠᠢ 49.90 ᠲᠦᠮᠡᠨ ᠮᠤ᠋᠂ ᠢᠨᠵᠧᠨᠡᠷᠢᠩ ᠤᠨ ᠡᠯᠡᠰᠤ ᠶᠢ ᠲᠤᠭᠳᠠᠪᠤᠷᠢᠵᠢᠭᠤᠯᠤᠭᠰᠠᠨ ᠲᠠᠯᠠᠪᠠᠢ 42.7 ᠲᠦᠮᠡᠨ ᠮᠤ᠋᠂ ᠲᠠᠴᠢᠷᠳᠠᠭᠰᠠᠨ‌ᠤᠢ ᠮᠣᠳᠣ ᠶᠢ ᠲᠠᠬᠢᠨ ᠰᠡᠷᠭᠦᠭᠡᠭᠰᠡᠨ ᠲᠠᠯᠠᠪᠠᠢ 41.90 ᠲᠦᠮᠡᠨ ᠮᠤ᠋᠂ ᠬᠦᠮᠤᠨ ᠤ ᠬᠦᠴᠤ ᠪᠠᠷ 2.31 ᠲᠦᠮᠡᠨ ᠮᠤ᠋ ᠭᠠᠵᠠᠷ ᠤᠶᠢᠵᠢᠭᠤᠯᠵᠦ᠂ 25 ᠲᠦᠮᠡᠨ ᠮᠤ᠋ ᠭᠠᠵᠠᠷ ᠢ ᠲᠣᠣᠷ ᠲᠠᠲᠠᠵᠤ ᠪᠢᠲᠡᠭᠦᠮᠵᠢᠯᠡᠵᠡᠢ᠃ ᠲᠤᠰ ᠲᠥᠰᠥᠯ ᠤᠨ ᠬᠡᠷᠡᠭᠵᠢᠭᠦᠯᠦᠯᠳᠡ ᠨᠢ ᠭᠠᠵᠠᠷ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠶᠢ ᠰᠠᠶᠢᠵᠢᠷᠠᠭᠤᠯᠵᠦ᠂ ᠤᠷᠤᠨ ᠨᠤᠳᠤᠭ ᠤᠨ ᠠᠵᠦ ᠦᠢᠯᠡᠰ ᠢ ᠦᠷᠭᠦᠯᠵᠢᠯᠡᠨ ᠬᠦᠭᠵᠢᠭᠦᠯᠬᠦ ᠶᠢ ᠠᠬᠢᠭᠤᠯᠬᠤ ᠳᠤ ᠭᠦᠨᠵᠡᠭᠡᠢ ᠨᠦᠯᠦᠭᠡ ᠲᠠᠢ ᠶᠤᠮ᠃ 
3.jpg
     ᠠᠯᠠᠱᠠ ᠪᠠᠷᠠᠭᠤᠨ ᠬᠤᠰᠢᠭᠤᠨ ᠤ ᠤᠢ ᠰᠢᠭᠤᠢ ᠨᠤᠳᠤᠭ  ᠪᠡᠯᠴᠢᠭᠡᠷ ᠪᠠ ᠡᠯᠡᠰᠤᠷᠭᠡᠭᠵᠢᠯ ᠢ ᠰᠡᠷᠭᠡᠶᠢᠯᠡᠨ ᠵᠠᠰᠠᠬᠤ  ᠲᠣᠪᠴᠢᠶ᠎ᠠ ᠶᠢᠨ ᠲᠠᠷᠤᠭ᠎ᠠ  ᠶᠣᠣ ᠰᠢᠶᠣᠣ ᠳ᠋ᠧ᠄  ᠲᠠᠷᠠᠭ᠎ᠠ ᠠᠯᠬᠤᠮ ᠳᠤ᠂ ᠪᠢᠳᠠ ᠨᠠᠮᠤᠷ ᠤᠨ ᠤᠯᠠᠷᠢᠯ  ᠤᠨ ᠡᠪᠡᠰᠤ ᠲᠠᠷᠢᠵᠦ ᠤᠶᠢᠵᠢᠭᠤᠯᠬᠤ ᠠᠰᠢᠭᠳᠠᠢ ᠲᠤᠬᠢᠶᠠᠯ ᠢ ᠵᠠᠪᠳᠤᠨ᠂ ᠴᠢᠬᠢ ᠮᠤᠳᠤᠨ ᠤ ᠴᠢᠨᠠᠷ ᠤᠨ ᠰᠢᠯᠭᠠᠨ ᠪᠠᠶᠢᠴᠠᠭᠠᠯᠳᠠ ᠶᠢ ᠴᠢᠩᠭ᠎ᠠ ᠠᠳᠬᠤᠵᠦ᠂ ᠪᠠᠷᠢᠯᠭ᠎ᠠ ᠶᠢᠨ ᠠᠵᠦ ᠠᠬᠤᠶᠢᠯᠠᠯ ᠤᠨ ᠴᠢᠨᠠᠷ ᠤᠨ ᠠᠬᠢᠴᠠ ᠶᠢ ᠰᠢᠪᠠᠳᠠᠨ᠂ ᠬᠦᠮᠤᠨ ᠤ ᠬᠦᠴᠤ ᠪᠠᠷ ᠲᠠᠷᠢᠵᠦ ᠤᠷᠭᠤᠭᠤᠯᠬᠤ᠂ ᠲᠠᠴᠢᠷᠳᠠᠭᠰᠠᠨ ᠤᠢ ᠮᠣᠳᠣ ᠶᠢ ᠰᠡᠷᠭᠦᠭᠡᠬᠦ ᠵᠡᠷᠭᠡ ᠡᠯ᠎ᠡ ᠲᠦᠷᠦᠯ ᠤᠨ ᠡᠭᠦᠷᠭᠡ ᠶᠢ ᠲᠤᠭᠳᠠᠭᠰᠠᠨ ᠴᠠᠭ ᠲᠠᠭᠠᠨ  ᠪᠦᠳᠤᠮᠵᠢ  ᠪᠡᠶᠡᠯᠡᠭᠦᠯᠦᠨ᠎ᠡ᠃
4.jpg
      ᠪᠠᠳᠠᠢ ᠶᠢᠨ ᠵᠢᠷᠠᠨ ᠡᠯᠡᠰᠤ ᠪᠠ ᠲᠡᠭᠷᠢ ᠡᠯᠡᠰᠤ ᠨᠢ ᠶᠠᠪᠠᠷᠠᠢ ᠶᠢᠨ ᠠᠭᠤᠯᠠ ᠪᠠᠷ ᠵᠠᠭᠠᠭᠯᠠᠵᠤ᠂ ᠲᠡᠭᠡᠷ᠎ᠡ ᠵᠠᠭᠤᠨ  ᠤ ᠶᠡᠷᠢᠭᠡᠳ ᠤᠨ ᠠᠴᠠ ᠡᠬᠢᠯᠡᠨ ᠠᠮᠢ ᠠᠬᠤᠢ ᠮᠠᠭᠤᠳᠠᠭᠰᠠᠨ ᠠᠴᠠ ᠪᠤᠯᠵᠦ᠂ ᠪᠠᠳᠠᠢ ᠶᠢᠨ ᠵᠢᠷᠠᠨ ᠤ ᠡᠯᠡᠰᠤ ᠵᠢᠯ ᠪᠤᠯᠭᠠᠨ ᠲᠡᠭᠰᠢᠳᠭᠡᠭᠡᠳ 15 ᠠᠴᠠ 20 ᠮᠧᠲᠷ ᠤᠨ ᠬᠤᠷᠳᠤᠴᠠ ᠪᠠᠷ ᠵᠡᠭᠦᠨ ᠡᠮᠤᠨᠡᠰᠢ ᠪᠠᠨ ᠨᠡᠭᠦᠵᠦ᠂ ᠶᠠᠪᠠᠷᠠᠢ  ᠶᠢᠨ ᠠᠭᠤᠯᠠ ᠶᠢ ᠲᠠᠪᠠᠵᠦ ᠲᠡᠭᠷᠢ ᠡᠯᠡᠰᠤᠨ ᠳᠤ ᠤᠶᠢᠷᠠᠳᠤᠵᠦ ᠪᠠᠶᠢᠨ᠎ᠠ᠃ ᠡᠨᠡ ᠬᠤᠶᠠᠷ ᠶᠡᠭᠡ ᠡᠯᠡᠰᠤ ᠨᠡᠶᠢᠯᠡᠬᠦ ᠳᠤ ᠬᠦᠷᠪᠡᠯ ᠠᠷᠪᠠᠭᠠᠳ ᠲᠦᠮᠡᠨ ᠲᠡᠭᠰᠢ ᠲᠦᠷᠪᠡᠯᠵᠢᠨ ᠺᠢᠯᠦᠮᠧᠲᠷ ᠤᠨ ᠡᠯᠡᠰᠤᠨ ᠲᠠᠯᠠᠢ ᠪᠤᠯᠵᠦ  ᠵᠠᠰᠠᠬᠤ ᠳᠤ ᠬᠦᠴᠢᠷ ᠪᠤᠯᠤᠨ᠎ᠠ᠃ ᠡᠨᠡ ᠨᠢ ᠮᠦᠨᠴᠤ ᠪᠠᠳᠠᠢ ᠶᠢᠨ ᠵᠢᠷᠠᠨ ᠤ  ᠡᠯᠡᠰᠦ ᠶᠢ ᠰᠡᠷᠭᠡᠶᠢᠯᠡᠨ ᠵᠠᠰᠠᠬᠤ  ᠶᠢᠨ ᠴᠢᠬᠤᠯᠠ ᠠᠰᠠᠭᠤᠳᠠᠯ ᠪᠤᠯᠤᠨ᠎ᠠ᠃ ᠤᠯᠠᠨ ᠵᠢᠯ ᠤᠨ ᠲᠤᠷᠰᠢ᠂ ᠠᠯᠠᠱᠠ ᠪᠠᠷᠠᠭᠤᠨ ᠬᠤᠰᠢᠭᠤ ︽ᠤᠮᠠᠷᠠᠳᠤ ᠶᠢᠨ ᠭᠤᠷᠪᠠᠨ ᠤᠷᠤᠨ︾ ᠤ ᠬᠠᠯᠬᠠᠪᠴᠢ ᠣᠢ᠂ ᠪᠠᠷᠠᠭᠤᠨ ᠤᠷᠤᠨ ᠤ ᠡᠯᠡᠰᠦᠷᠭᠡᠭᠵᠢᠯ ᠢ ᠶᠡᠷᠤᠩᠬᠡᠶᠢᠯᠡᠨ ᠵᠠᠰᠠᠬᠤ᠂ ᠤᠯᠤᠰ ᠤᠨ ᠬᠦᠷᠤᠰᠤ ᠰᠢᠷᠦᠢ ᠶᠢ ᠨᠤᠭᠤᠭᠠᠷᠠᠭᠤᠯᠬᠤ᠂ ᠠᠮᠢ ᠠᠬᠤᠢ ᠪᠠᠨ ᠬᠠᠮᠠᠭᠠᠯᠠᠨ ᠰᠡᠷᠭᠦᠭᠡᠵᠦ ᠡᠯᠡᠰᠤ ᠶᠢ ᠰᠡᠷᠭᠡᠶᠢᠯᠡᠨ ᠵᠠᠰᠠᠬᠤ᠂ ᠦᠪᠤᠷ ᠮᠤᠩᠭᠤᠯ ᠤᠨ ᠦᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠳᠠ ᠪᠠ ᠰᠡᠷᠭᠦᠭᠡᠯᠳᠡ ᠵᠡᠷᠭᠡ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠪᠠ ᠭᠤᠤᠯᠳᠠᠯᠭᠠᠳᠤ  ᠲᠥᠰᠥᠯ ᠳᠤ ᠲᠦᠰᠢᠭᠯᠡᠨ᠂ ᠡᠯᠡᠰᠦᠷᠭᠡᠭᠵᠢᠯ ᠢ  ᠶᠡᠷᠤᠩᠬᠡᠶᠢᠯᠡᠨ ᠵᠠᠰᠠᠬᠤ ᠶᠢ ᠨᠢᠭᠡᠳᠤᠯᠳᠡᠢ ᠠᠬᠢᠭᠤᠯᠵᠦ᠂ ᠤᠷᠤᠨ ᠨᠤᠳᠤᠭ ᠤᠨ ᠠᠮᠢ ᠠᠬᠤᠢ ᠶᠢᠨ ᠰᠡᠷᠭᠡᠶᠢᠯᠡᠨ ᠬᠠᠮᠠᠭᠠᠯᠠᠬᠤ ᠰᠢᠰᠲ᠋ᠧᠮ ᠢ ᠪᠤᠢ ᠪᠤᠯᠭᠠᠵᠦ᠂ ᠡᠯᠡᠰᠤ ᠶᠢ ᠰᠡᠷᠭᠡᠶᠢᠯᠡᠨ ᠵᠠᠰᠠᠬᠤ ᠳᠤ  ᠮᠡᠳᠡᠭᠳᠡᠮ᠎ᠡ ᠦᠷ᠎ᠡ ᠪᠦᠳᠤᠮᠵᠢ ᠤᠯᠤᠭᠰᠠᠨ ᠪᠠᠶᠢᠨ᠎ᠠ᠃      
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号