ᠠᠯᠠᠱᠠ ᠪᠠᠷᠠᠭᠤᠨ ᠬᠤᠰᠢᠭᠤᠨ ᠤ ᠤᠳᠤᠷᠢᠳᠤᠯᠭ᠎ᠠ ᠰᠠᠨᠰᠠᠷ ᠤᠨ ᠠᠶᠠᠯᠠᠯ ᠤᠨ ᠰᠢᠨᠵᠢᠯᠡᠭᠡᠨ ᠮᠡᠷᠭᠡᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/11/5
     10 ᠰᠠᠷ᠎ᠠ ᠶᠢᠨ 30 ᠤ ᠡᠳᠦᠷ ᠤᠨ 4 ᠴᠠᠭ 27 ᠮᠢᠨᠦ᠋ᠲ ᠲᠤ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠳ᠋ᠦᠩᠹᠧᠩ ᠰᠠᠨᠰᠠᠷ ᠤᠨ ᠬᠤᠲᠠ ᠠᠴᠠ  ᠠᠮᠵᠢᠯᠳᠠ  ᠲᠠᠢ ᠪᠠᠷ ᠰᠠᠨᠰᠠᠷ ᠲᠤ ᠨᠢᠰᠴᠤ ᠂ ᠲᠣᠰ ᠡᠳᠦᠷ ᠤᠨ ᠦᠳᠡ ᠶᠢᠨ ᠬᠤᠶᠢᠨ᠎ᠠ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠯᠢ ᠶᠦᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠭᠠᠩ ᠳ᠋ᠧ  ᠳ᠋ᠦᠩᠹᠧᠩ ᠰᠠᠨᠰᠠᠷ ᠤᠨ ᠬᠤᠲᠠ ᠳᠤ ᠬᠦᠷᠴᠦ ᠰᠠᠨᠰᠠᠷ ᠤᠨ ᠠᠶᠠᠯᠠᠯ ᠤᠨ ᠰᠢᠨᠵᠢᠯᠡᠭᠡᠨ ᠮᠡᠷᠭᠡᠵᠢᠯ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠠᠯᠠᠱᠠ ᠪᠠᠷᠠᠭᠤᠨ ᠬᠤᠰᠢᠭᠤᠨ ᠤ ᠢᠩᠭᠡᠨ ᠰᠦ ᠤ ᠪᠡᠯᠡᠭ ᠬᠦᠷᠭᠡᠪᠡ᠃ ᠳ᠋ᠦᠩᠹᠧᠩ ᠰᠠᠨᠰᠠᠷ ᠤᠨ ᠬᠤᠲᠠ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠳ᠋ᠢᠩ ᠨᠢᠩ ᠠᠵᠢᠯᠠᠯᠭᠠᠨ ᠳᠤ ᠣᠷᠣᠯᠴᠠᠪᠠ᠃ 
1.jpg
    ᠢᠩᠭᠡᠨ ᠰᠦ ᠨᠢ ︽ᠳᠤᠮᠳᠠᠳᠤ ᠤᠯᠤᠰ ᠤᠨ ᠢᠩᠭᠡᠨ  ᠰᠦ ᠤ ᠨᠤᠲᠤᠭ︾ ᠭᠡᠮᠡᠭᠳᠡᠭᠰᠡᠨ ᠠᠯᠠᠱᠠ ᠪᠠᠷᠠᠭᠤᠨ ᠬᠤᠰᠢᠭᠤᠨ ᠤ ᠤᠨᠴᠠᠯᠢᠬᠳᠤ  ᠴᠢᠨᠠᠷᠯᠢᠭ ᠪᠦᠲᠦᠭᠡᠭᠳᠡᠬᠦᠨ ᠪᠣᠯᠤᠭᠰᠠᠨ ᠤ ᠬᠤᠪᠢ ᠳᠤ᠂ ᠲᠠᠩᠰᠤᠭ ᠰᠠᠶᠢᠬᠠᠨ ᠰᠢᠮ᠎ᠡ ᠲᠡᠵᠢᠭᠡᠯ ᠠᠭᠤᠯᠤᠭᠳᠠᠵᠤ᠂ ᠰᠠᠨᠰᠠᠷ ᠤᠨ ᠠᠶᠠᠯᠠᠯ ᠤᠨ  ᠰᠢᠨᠵᠢᠯᠡᠭᠡᠨ ᠮᠡᠷᠭᠡᠵᠢᠯ ᠤᠨ ᠠᠵᠢᠯᠲᠠᠳ ᠤᠨ ᠡᠷᠡᠭᠦᠯ ᠮᠡᠨᠳᠦ   ᠶᠢᠨ ᠬᠠᠯᠠᠮᠵᠢᠯᠠᠯ ᠪᠣᠯᠬᠤ ᠪᠠᠷ ᠦᠯᠤ ᠪᠠᠷᠠᠨ᠂ ᠨᠠᠩ ᠴᠤ ᠲᠡᠳᠡᠨ ᠤ ᠰᠢᠷᠭᠠᠭᠤ ᠭᠦᠳᠡᠯᠮᠤᠷᠢ ᠳᠤ ᠦᠵᠡᠭᠦᠯᠭᠦ ᠭᠦᠨᠳᠦᠳᠭᠡᠯ ᠪᠤᠯᠤᠨ᠎ᠠ᠃ 
2.png 
    ᠶᠠᠷᠢᠯᠴᠠᠬᠤ ᠬᠤᠷᠠᠯ ᠳᠡᠭᠡᠷ᠎ᠡ᠂ ᠶᠠᠩ ᠯᠢ ᠶᠦᠨ ᠨᠠᠷ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠰᠠᠨᠰᠠᠷ ᠤᠨ ᠠᠶᠠᠯᠠᠯ ᠤᠨ ᠰᠢᠨᠵᠢᠯᠡᠭᠡᠨ ᠮᠡᠷᠭᠡᠵᠢᠯ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ  ᠲᠡᠪᠰᠢᠭᠦᠯᠤᠨ᠂ ᠰᠠᠨᠰᠠᠷ ᠤᠨ ᠠᠶᠠᠯᠠᠯ ᠤᠨ ᠰᠢᠨᠵᠢᠯᠡᠭᠡᠨ ᠮᠡᠷᠭᠡᠵᠢᠯ ᠤᠨ ᠦᠷᠭᠡᠨ ᠤᠯᠠᠨ ᠠᠵᠢᠯᠳᠠᠳ ᠤᠨ ᠴᠢᠷᠮᠠᠶᠢᠨ ᠠᠵᠢᠯᠠᠯᠬᠤ ᠵᠣᠷᠢᠭ ᠰᠠᠨᠠᠭ᠎ᠠ  ᠳᠤ ᠦᠨᠠᠯᠡᠯᠳᠡ ᠦᠭᠴᠤ ᠂ ᠳᠠᠯᠠᠷᠬᠠᠯ ᠲᠡᠪᠰᠢᠭᠦᠯᠤᠨ ᠠᠵᠢᠯ ᠤᠨ ᠲᠣᠮᠳᠠ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠴᠤ᠂ ᠰᠠᠨᠰᠠᠷ ᠤᠨ ᠠᠶᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ  ᠤᠯᠠᠮ ᠰᠠᠶᠢᠨ ᠠᠵᠢᠯᠠᠯᠬᠤ ᠶᠢ ᠭᠦᠰᠡᠭᠰᠡᠨ  ᠪᠠᠶᠢᠨ᠎ᠠ᠃ 
3.png
    ᠰᠠᠨᠰᠠᠷ ᠤᠨ ᠠᠶᠠᠯᠠᠯ ᠤᠨ ᠰᠢᠨᠵᠢᠯᠡᠭᠡᠨ ᠮᠡᠷᠭᠡᠵᠢᠯ ᠤᠨ ᠠᠵᠢᠯᠲᠠᠳ ᠴᠤ ᠲᠤᠬᠤᠨᠢᠭᠤᠯᠤᠨ ᠦᠵᠡᠭᠰᠡᠨ ᠳᠤ  ᠪᠠᠶᠠᠷᠯᠠᠨ ᠲᠠᠯᠠᠷᠬᠠᠵᠤ ᠪᠠᠶᠢᠬᠤ ᠪᠠᠨ ᠢᠯᠡᠷᠭᠡᠶᠢᠯᠡᠵᠤ ᠂ ᠨᠠᠮ ᠪᠣᠯᠤᠨ ᠤᠯᠤᠰ ᠠᠴᠠ ᠲᠤᠰᠢᠶᠠᠭᠰᠠᠨ ᠡᠯ᠎ᠡ  ᠲᠦᠷᠦᠯ ᠤᠨ ᠡᠭᠦᠷᠭᠡ  ᠪᠠᠨ ᠦᠷᠭᠦᠯᠵᠢᠯᠡᠨ ᠴᠢᠷᠮᠠᠶᠢᠨ ᠪᠡᠶᠡᠯᠡᠭᠦᠯᠵᠦ᠂ ᠳ᠋ᠦᠩᠹᠧᠩ ᠰᠠᠨᠰᠠᠷ ᠤᠨ ᠬᠤᠳᠠ ᠶᠢ ᠳᠤᠮᠳᠠᠳᠤ ᠤᠯᠤᠰ ᠤᠨ ᠰᠠᠨᠰᠠᠷ ᠤᠨ ᠠᠶᠠᠯᠠᠭᠴᠢᠳ ᠤᠨ ᠰᠠᠨᠰᠠᠷ ᠲᠤ ᠭᠦᠷᠭᠦ ᠪᠣᠴᠠᠬᠤ ᠬᠠᠮᠤᠭ ᠤᠨ ᠠᠮᠤᠷ ᠲᠦᠪᠰᠢᠨ᠂ ᠨᠠᠶᠢᠳᠠᠪᠤᠷᠢᠲᠠᠢ ᠰᠠᠨᠰᠠᠷ ᠤᠨ ᠭᠠᠷᠠᠮ ᠪᠣᠯᠭᠠᠨ ᠪᠦᠳᠦᠭᠡᠨ ᠪᠠᠶᠢᠭᠤᠯᠬᠤ ᠳᠤ ᠬᠠᠮᠳᠤ ᠪᠠᠷ ᠴᠢᠷᠮᠠᠶᠢᠨ ᠠᠵᠢᠯᠠᠯᠬᠤ ᠪᠠᠨ ᠢᠯᠡᠷᠭᠡᠶᠢᠯᠡᠭᠰᠡᠨ ᠪᠠᠶᠢᠨ᠎ᠠ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号