ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ 2024 ᠣᠨ ᠤ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠪᠠᠯᠠ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2024/12/13
    12 ᠰᠠᠷ᠎ᠠ ᠶᠢᠨ 11 ᠤ ᠡᠳᠦᠷ᠂ ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ 2024 ᠣᠨ ᠤ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠪᠠᠯᠠ ᠮᠥᠩᠭᠦ ᠲᠠᠷᠬᠠᠭᠠᠬᠤ ᠶᠣᠰᠣᠯᠠᠯ ᠶᠠᠪᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠴᠢᠷᠳᠡᠯᠲᠡᠶ ᠠᠵᠢᠯᠲᠠᠨ ᠠᠵᠢᠯᠴᠢᠨ ᠤ ᠳᠡᠷᠭᠡᠳᠡ ᠬᠦᠷᠭᠡᠪᠡ᠃
1.jpg
     ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠲᠤ᠂  ᠰᠤᠷᠤᠯᠴᠠᠬᠤ ᠠᠴᠠ ᠪᠣᠯᠵᠤ ᠶᠠᠳᠠᠭᠤᠷᠠᠬᠤ᠂ ᠠᠮᠢᠳᠤᠷᠠᠯ ᠬᠦᠴᠢᠷᠳᠡᠯᠲᠡᠶ ᠵᠡᠷᠭᠡ ᠠᠵᠢᠯᠲᠠᠨ ᠠᠵᠢᠯᠴᠢᠨ ᠵᠠᠯᠭᠠᠭ᠎ᠠ ᠪᠠᠷ ᠢᠷᠡᠵᠦ ᠬᠠᠪᠰᠤᠷᠤᠨ ᠲᠡᠳᠬᠦᠬᠦ ᠪᠡᠯᠡ ᠮᠥᠩᠭᠦ ᠠᠪᠴᠠᠢ᠃ ᠲᠣᠰ ᠤᠳᠠᠭᠠᠨ ᠤ ᠠᠵᠢᠯᠯᠠᠭ᠎ᠠ ᠳᠤ ᠠᠮᠢᠳᠤᠷᠠᠯ ᠤᠨ ᠠᠪᠤᠷᠠᠨ ᠲᠤᠰᠠᠯᠠᠯᠲᠠ᠂ ᠰᠤᠷᠤᠯᠭ᠎ᠠ ᠶᠢᠨ ᠲᠡᠳᠬᠦᠮᠵᠢ ᠶᠢᠨ ᠠᠪᠤᠷᠠᠨ ᠲᠤᠰᠠᠯᠠᠯᠲᠠ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠭᠤᠯᠭ᠎ᠠ ᠶᠢ ᠪᠠᠭᠲᠠᠭᠠᠵᠤ᠂ ᠪᠥᠬᠦ ᠬᠤᠰᠢᠭᠤᠨ ᠤ ᠬᠦᠴᠢᠷᠳᠡᠯᠲᠡᠶ 43 ᠠᠵᠢᠯᠲᠠᠨ ᠠᠵᠢᠯᠴᠢᠨ ᠤ ᠬᠡᠷ ᠪᠦᠯᠢ ᠳᠤ ᠨᠡᠶᠢᠲᠡ 27 ᠲᠦᠮᠡ ᠭᠠᠷᠤᠶ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠲᠠᠷᠬᠠᠭᠠᠪᠠ᠃
2.jpg
    ᠠᠯᠲᠠᠨ ᠨᠠᠮᠤᠷ ᠤᠨ ᠰᠤᠷᠤᠯᠭ᠎ᠠ ᠶᠢᠨ ᠲᠡᠳᠬᠦᠮᠵᠢ ᠶᠢᠨ ᠠᠰᠢᠭ ᠭᠥᠷᠳᠡᠭᠰᠡᠨ ᠠᠵᠢᠯᠲᠠᠨ ᠰᠢᠤᠢ ᠰᠢᠤ ᠯᠠᠨ ᠬᠡᠯᠡᠭᠰᠡᠨ ᠨᠢ᠄ ︽ᠮᠠᠨ ᠤ ᠬᠡᠦᠬᠡᠨ 2022 ᠣᠨ ᠳᠤ ᠶᠡᠭᠡ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠠᠵᠢᠯᠴᠢᠨ ᠤ ᠡᠪᠯᠡᠯ ᠤᠨ ᠠᠯᠲᠠᠨ ᠨᠠᠮᠤᠷ ᠤᠨ ᠰᠤᠷᠤᠯᠭ᠎ᠠ ᠶᠢᠨ ᠲᠡᠳᠬᠦᠮᠵᠢ ᠶᠢᠨ ᠠᠵᠢᠯᠯᠠᠭ᠎ᠠ ᠳᠤ ᠢᠮᠠᠭᠲᠠ ᠣᠷᠣᠯᠴᠠᠵᠤ᠂ ᠪᠢᠳᠡ ᠪᠣᠯ ᠠᠰᠢᠭ ᠬᠦᠷᠲᠡᠭᠴᠢ ᠮᠥᠨ᠂ ᠡᠨᠡ ᠵᠢᠯ ᠪᠣᠯ ᠭᠤᠷᠪᠠᠳᠤᠭᠠᠷ ᠵᠢᠯ ᠪᠣᠯᠤᠨ᠎ᠠ᠃ ᠮᠢᠨᠦ ᠴᠠᠯᠢᠩ ᠨᠡᠯᠢᠶᠡᠳ ᠳᠣᠣᠷ᠎ᠠ᠂ ᠥᠷᠥᠭᠡᠰᠦᠨ ᠦᠨᠦᠴᠢᠨ ᠭᠡᠷ ᠪᠦᠯᠢ ᠶᠣᠮ᠃ ᠠᠵᠢᠯᠴᠢᠨ ᠤ ᠡᠪᠯᠡᠯ ᠠᠴᠠ ᠬᠠᠪᠰᠤᠷᠤᠨ ᠲᠡᠳᠬᠦᠭᠰᠡᠨ ᠠᠴᠠ ᠪᠣᠯᠵᠤ ᠮᠢᠨᠦ ᠬᠡᠦᠬᠡᠳ ᠰᠤᠷᠤᠯᠭ᠎ᠠ ᠪᠠᠨ ᠤᠷᠤᠭᠰᠢᠲᠠᠢ ᠪᠡᠶᠡᠯᠡᠭᠦᠯᠵᠦ ᠴᠢᠳᠠᠬᠰᠠᠨ ᠳᠤ ᠮᠠᠰᠢ ᠲᠠᠯᠠᠷᠬᠠᠵᠤ ᠪᠠᠶᠢᠨ᠎ᠠ︾ ᠭᠡᠵᠡᠢ᠃
3.jpg
    ᠣᠶᠢᠷ᠎ᠠ ᠶᠢᠨ ᠵᠢᠯ ᠳᠤ᠂ ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠦᠴᠢᠷᠳᠡᠯᠲᠡᠶ ᠠᠵᠢᠯᠲᠠᠨ ᠠᠵᠢᠯᠴᠢᠨ ᠤ ᠬᠠᠮᠲᠤᠯᠢᠭ ᠢ ᠦᠷᠭᠦᠯᠵᠢᠯᠡᠨ ᠠᠩᠬᠠᠷᠴᠤ᠂ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠦᠴᠢᠷᠳᠡᠯᠲᠡᠶ ᠠᠵᠢᠯᠲᠠᠨ ᠠᠵᠢᠯᠴᠢᠨ ᠤ ᠲᠤᠰᠬᠠᠶ ᠬᠠᠪᠰᠤᠷᠤᠨ ᠲᠡᠳᠬᠦᠬᠦ ᠪᠠᠯᠠ ᠮᠥᠩᠭᠦ ᠶᠢ ᠭᠦᠢᠴᠡᠳ ᠬᠡᠷᠡᠭᠯᠡᠨ᠂ ᠬᠦᠴᠢᠷᠳᠡᠯᠲᠡᠶ ᠠᠵᠢᠯᠲᠠᠨ ᠠᠵᠢᠯᠴᠢᠨ ᠢ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠮᠢᠳᠤᠷᠠᠯ ᠨᠢ ᠬᠦᠴᠢᠷᠳᠡᠯᠲᠡᠶ ᠠᠵᠢᠯᠲᠠᠨ ᠠᠵᠢᠯᠴᠢᠨ ᠢ ᠡᠩᠨᠡᠭᠡ ᠠᠴᠠ ᠬᠤᠴᠣᠷᠭᠠᠬᠤ ᠥᠬᠡᠶ ᠪᠣᠯᠭᠠᠵᠤ᠂ ᠠᠵᠢᠯ ᠤᠨ ᠲᠠᠯ᠎ᠠ ᠪᠠᠷ ᠳᠡᠮᠵᠢᠯᠭᠡ ᠦᠵᠡᠭᠦᠯᠬᠦ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠯ ᠦᠵᠡᠭᠦᠯᠬᠦ ᠶᠢ ᠦᠨᠡᠨᠬᠦ ᠪᠡᠶᠡᠯᠡᠭᠦᠯᠪᠡ᠃
4.jpg
    ᠠᠯᠠᠱᠠ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠨᠠᠪᠴᠢ᠄ ︽ᠪᠢᠳᠡ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠲᠤᠰᠠᠯᠠᠬᠤ ᠶᠢ ᠦᠨᠡᠨ ᠬᠦ ᠪᠡᠶᠡᠯᠡᠭᠦᠯᠵᠦ᠂ ᠬᠦᠴᠢᠷᠳᠡᠯᠲᠡᠶ ᠠᠵᠢᠯᠲᠠᠨ ᠠᠵᠢᠯᠴᠢᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ︾ ᠭᠡᠵᠡᠶ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号