| | ᠠᠯᠠᠱᠠ ᠪᠠᠷᠠᠭᠤᠨ ᠬᠤᠰᠢᠭᠤᠨ ᠤ ᠭᠠᠵᠠᠷ ᠠᠭᠤᠳᠠᠮ ᠬᠥᠮᠦᠨ ᠴᠥᠭᠡᠨ ᠪᠠᠶᠢᠵᠤ᠂ ᠬᠡᠰᠡᠭ ᠭᠠᠴᠠᠭ᠎ᠠ ᠪᠤᠶᠢᠳᠠ | ᠪᠥᠭᠯᠡᠭᠦᠦ᠂ ᠰᠠᠭᠤᠭᠠᠯᠢ ᠡᠷᠦᠬᠡ ᠨᠢ ᠲᠠᠷᠠᠬᠠᠶ ᠪᠤᠲᠠᠷᠬᠠᠶ᠂ ᠵᠠᠮ ᠬᠠᠷᠢᠯᠴᠠᠭ᠎ᠠ ᠳᠥᠭᠦᠮ ᠦᠭᠡᠢ ᠪᠠᠶᠢᠵᠤ᠂ ᠵᠢᠯ | ᠲᠤᠷᠰᠢ ᠰᠠᠯᠬᠢ ᠬᠡᠷᠡᠯ ᠢ ᠬᠠᠷᠢᠯᠴᠠᠨ ᠨᠥᠬᠦᠪᠥᠷᠢᠯᠡᠬᠦ ᠪᠤᠶᠤ ᠴᠠᠬᠢᠯᠭᠠᠨ ᠭᠠᠷᠭᠠᠬᠤ ᠮᠠᠰᠢᠨ ᠳᠤ ᠲᠦᠰᠢᠭᠯᠡᠨ ᠴᠠᠬᠢᠯᠭᠠᠨ | ᠬᠠᠩᠭᠠᠵᠤ᠂ ᠭᠠᠴᠠᠭ᠎ᠠ ᠲᠣᠰᠬᠤᠨ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠲᠣᠳᠠᠭᠳᠠᠯ ᠢ ᠪᠦᠲᠦᠮᠵᠢᠲᠡᠶ | ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠬᠦ ᠶᠢ | ᠢᠳᠡᠪᠬᠢᠲᠡᠢ ᠠᠬᠢᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠶᠠᠰᠤ | ᠴᠢᠨᠠᠷ ᠢ ᠰᠠᠶᠢᠵᠢᠷᠠᠭᠤᠯᠤᠨ᠎ᠠ᠃ | | | | | | ᠲᠠᠩᠰᠤᠭᠪᠤᠯᠠᠭ ᠰᠣᠮᠤᠨ ᠤ ᠭᠡᠷᠡᠯᠲᠤ ᠭᠠᠴᠠᠭᠠᠨ ᠤ ᠭᠡᠰᠢᠭᠦᠨ ᠣᠷᠳᠤᠨᠠᠰᠤᠨ᠄ | ᠡᠨᠡ ᠵᠢᠯ ᠮᠠᠨ ᠤ ᠭᠠᠴᠠᠭᠠᠨ ᠳᠤ ᠴᠠᠬᠢᠯᠭᠠᠨ ᠲᠣᠣᠷ ᠨᠡᠪᠲᠡᠷᠡᠵᠤ᠂ ᠬᠤᠷᠠᠯ ᠤᠨ ᠭᠡᠷ ᠢ ᠰᠢᠨ᠎ᠡ ᠪᠠᠷ ᠪᠠᠶᠢᠭᠤᠯᠬᠤ | ᠦᠶ᠎ᠡ ᠳᠤ ᠭᠠᠵᠠᠷ ᠤᠨ ᠲᠤᠯᠠᠭᠠᠯᠭ᠎ᠠ ᠤᠭᠰᠠᠷᠠᠭᠰᠠᠨ ᠠᠴᠠ ᠪᠢᠳᠡ ᠡᠪᠦᠯ ᠳᠡᠭᠡᠨ ᠭᠠᠴᠠᠭᠠᠨ ᠳᠤ ᠬᠤᠷᠠᠯ ᠬᠢᠬᠦ ᠂ | ᠰᠤᠷᠤᠯᠴᠠᠬᠤ ᠳᠤ ᠬᠡᠳᠦᠨ ᠡᠳᠦᠷ ᠤᠷᠢᠳᠴᠢᠯᠠᠨᠵᠣᠤᠬᠠ ᠠᠰᠠᠭᠠᠵᠤ ᠭᠡᠷ ᠲᠤᠯᠠᠭᠠᠯᠬᠤ ᠴᠢᠬᠤᠯᠠ ᠦᠭᠡᠢ ᠪᠤᠯᠵᠡᠢ᠂ | ᠣᠳᠣ ᠨᠥᠬᠦᠴᠡᠯ ᠨᠢ ᠰᠠᠶᠢᠵᠢᠷᠠᠵᠤ᠂ ᠪᠢᠳᠡ ᠠᠵᠢᠯᠠᠯᠬᠤ ᠳᠤ ᠨᠡᠩ ᠳᠥᠭᠦᠮ ᠪᠤᠯᠵᠡᠢ ᠭᠡᠪᠡ᠃ | | | | | | ᠭᠡᠷᠡᠯᠲᠤ ᠭᠠᠴᠠᠭᠠᠨ ᠤ ᠭᠠᠵᠠᠷ ᠤᠨ ᠪᠠᠶᠢᠴᠠ ᠨᠢ ᠡᠯᠡᠰᠦ ᠮᠠᠩᠬ᠎ᠠ᠂ ᠭᠤᠪᠢ ᠪᠠᠷ ᠭᠤᠣᠯᠯᠠᠵᠤ᠂ ᠮᠠᠯᠴᠢᠨ | ᠲᠠᠷᠢᠶᠠᠴᠢᠳ ᠲᠡᠮᠡᠭᠡ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠨ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠦᠨ᠎ᠡ | ᠃ ᠭᠠᠴᠠᠭᠠᠨ ᠤ ᠬᠠᠷᠢᠭᠤᠴᠠᠯᠭᠠᠲᠠᠨ ᠬᠡᠯᠡᠬᠦ ᠳᠡᠭᠡᠨ᠂ ᠥᠩᠭᠡᠷᠡᠭᠰᠡᠨ ᠳᠤ ᠴᠠᠬᠢᠯᠭᠠᠨ ᠬᠦᠴᠦ ᠳᠤᠲᠠᠭᠳᠠᠵᠤ᠂ | ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭᠰᠠᠨ ᠂ ᠣᠲᠣ ᠴᠠᠬᠢᠯᠭᠠᠨ ᠬᠦᠴᠦᠨ ᠤ | ᠳᠡᠮᠵᠢᠯᠭᠡ ᠲᠠᠢ ᠪᠣᠯᠵᠣ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠳᠡᠭᠡᠭᠰᠢᠯᠡᠵᠦ᠂ ᠠᠵᠤ ᠦᠢᠯᠡᠰ ᠢ | ᠬᠥᠭᠵᠢᠭᠦᠯᠬᠦ ᠳᠤ ᠨᠠᠩ ᠢᠲᠡᠭᠡᠯ ᠲᠠᠢ ᠪᠣᠯᠵᠤ᠂ ᠲᠡᠮᠡᠭᠡ ᠲᠡᠵᠢᠭᠡᠬᠦ ᠡᠷᠦᠬᠡ ᠰᠢᠨ᠎ᠡ ᠰᠣᠷᠭᠤᠭ ᠢᠩᠭᠡᠨ ᠤ ᠰᠦ | ᠬᠠᠳᠠᠭᠠᠯᠠᠵᠤ᠂ ᠥᠪᠡᠷ ᠤᠨ ᠥᠷᠲᠡᠭ ᠢ ᠠᠷᠪᠢᠯᠠᠭᠰᠠᠨ ᠮᠥᠷᠲᠡᠭᠡᠨ ᠢᠩᠭᠡᠨ ᠰᠦ ᠶᠢᠨ ᠶᠠᠰᠤ ᠴᠢᠨᠠᠷ ᠢ ᠴᠦ | ᠪᠠᠲᠤᠯᠠᠭᠰᠠᠨ ᠪᠠᠶᠢᠨ᠎ᠠ ᠭᠡᠵᠡᠶ᠃ | | | | | | ᠲᠠᠩᠰᠤᠭᠪᠤᠯᠠᠭ ᠰᠤᠮᠤᠨ ᠤ ᠭᠡᠷᠡᠯᠲᠤ ᠭᠠᠴᠠᠭᠠᠨ ᠤ ᠨᠠᠮ ᠤᠨ ᠡᠭᠦᠷ ᠤᠨ ᠱᠦᠵᠢ ᠪᠣᠷᠤᠭᠦᠤ᠄ | ᠤᠤᠯ ᠨᠢ ᠪᠢᠳᠡ ᠰᠠᠯᠬᠢ ᠭᠡᠷᠡᠯ ᠬᠠᠷᠢᠯᠴᠠᠨ ᠨᠦᠭᠦᠪᠦᠷᠢᠯᠡᠭᠦ ᠪᠣᠯᠣᠨ ᠴᠠᠬᠢᠯᠭᠠᠨ ᠭᠠᠷᠭᠠᠬᠤ ᠮᠠᠰᠢᠨ ᠬᠡᠷᠡᠭᠯᠡᠵᠦ | ᠪᠠᠶᠢᠭᠰᠠᠨ ᠶᠤᠮ᠂ ᠨᠢᠭᠡ ᠵᠢᠯ ᠤᠨ ᠰᠢᠲᠠᠭᠠᠯᠭ᠎ᠠ ᠶᠢᠨ ᠲᠣᠰᠣᠨ ᠤ ᠰᠦᠢᠳᠭᠡᠯ᠂ ᠰᠡᠯᠪᠢᠨ ᠵᠠᠰᠠᠵᠤ ᠰᠡᠯᠪᠢᠨ | ᠬᠠᠮᠠᠭᠠᠯᠠᠬᠤ ᠰᠦᠢᠳᠭᠡᠯ᠂ ᠪᠠᠰᠠ ᠴᠠᠬᠢᠯᠭᠠᠨ ᠬᠤᠷᠢᠶᠠᠭᠤᠷ ᠢ ᠰᠣᠯᠢᠵᠤ᠂ ᠲᠦᠮᠡ ᠭᠠᠷᠤᠢ ᠲᠥᠭᠦᠷᠢᠭ ᠤᠨ ᠵᠠᠷᠤᠳᠠᠯ | ᠪᠠᠶᠢᠵᠠᠢ᠂ ᠣᠳᠣ ᠶᠡᠭᠡ ᠴᠠᠬᠢᠯᠭᠠᠨ ᠨᠡᠪᠲᠡᠷᠡᠭᠰᠡᠨ ᠤ ᠳᠠᠷᠠᠭ᠎ᠠ ᠶᠡᠭᠡ ᠵᠣᠭᠤᠰ ᠠᠷᠪᠢᠯᠠᠪᠠ᠃ ᠪᠢᠳᠡ ᠭᠠᠴᠠᠭᠠᠨ ᠤ | ᠢᠩᠭᠡᠨ ᠰᠦ ᠶᠢᠨ ᠰᠠᠭᠤᠷᠢᠨ ᠭᠠᠵᠠᠷ ᠢ ᠦᠷᠭᠦᠯᠵᠢᠯᠡᠨ ᠡᠵᠡᠩᠨᠡᠬᠦ ᠪᠠᠷ ᠲᠥᠯᠥᠪᠯᠡᠵᠦ᠂ ᠪᠠᠰᠠ ᠵᠠᠷᠢᠮ | ᠣᠳᠣᠬᠢᠴᠢᠯᠠᠭᠰᠠᠨ ᠰᠦ ᠰᠠᠭᠠᠬᠤ ᠲᠥᠬᠦᠭᠡᠷᠦᠮᠵᠢ ᠶᠢ ᠣᠷᠣᠭᠤᠯᠵᠤ᠂ ᠵᠢᠯ ᠪᠦᠷᠢ ᠨᠠᠭᠠᠳᠤ ᠵᠠᠬ᠎ᠠ ᠳᠠᠭᠠᠨ | ᠭᠠᠴᠠᠭᠠᠨ ᠳᠤ 8 ᠠᠴᠠ 10 ᠲᠦᠮᠡᠨ ᠲᠥᠭᠦᠷᠢᠭ ᠤᠨ ᠬᠠᠮᠲᠤ ᠶᠢᠨ ᠣᠷᠣᠯᠭ᠎ᠠ ᠶᠢ ᠡᠭᠦᠳᠭᠦ ᠪᠠᠷ ᠵᠢᠱᠢᠵᠤ ᠪᠤᠢ | ᠭᠡᠪᠡ᠃ | | | | | ᠠᠯᠠᠱᠠ ᠪᠠᠷᠠᠭᠤᠨ ᠬᠤᠰᠢᠭᠤᠨ ᠤ ᠲᠠᠩᠰᠤᠭᠪᠤᠯᠠᠭ ᠰᠤᠮᠤᠨ ᠤ ᠭᠡᠷᠡᠯᠲᠤ ᠭᠠᠴᠠᠭ᠎ᠠ᠂ ᠦᠷᠢᠨᠲᠤᠶᠠᠭ᠎ᠠ | ᠭᠠᠴᠠᠭᠠᠨ ᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠪᠠᠶᠢᠭᠤᠯᠵᠤ᠂ | ᠥᠯᠵᠡᠶ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠪᠣᠳᠠᠲᠠᠶ ᠬᠠᠷᠢᠭᠤᠴᠠᠵᠤ᠂ ᠪᠠᠷᠢᠯᠭ᠎ᠠ ᠨᠢ 2024 ᠣᠨ ᠤ 8 | ᠰᠠᠷ᠎ᠠ ᠶᠢᠨ ᠰᠡᠭᠦᠯᠴᠢ ᠠᠴᠠ ᠡᠬᠢᠯᠡᠨ ᠬᠡᠷᠡᠭᠵᠢᠭᠦᠯᠵᠦ᠂ 12 ᠰᠠᠷ᠎ᠠ ᠶᠢᠨ 15 ᠤ ᠡᠳᠦᠷ ᠪᠠᠷᠢᠵᠤ ᠲᠠᠭᠤᠰᠬᠠᠪᠠ᠃ | ᠲᠤᠰ ᠢᠨᠵᠧᠨᠧᠷᠢᠩ ᠤᠷᠤᠭᠰᠢᠲᠠᠢ ᠪᠠᠷ ᠴᠠᠬᠢᠯᠭᠠᠨ ᠨᠡᠪᠲᠡᠷᠡᠭᠦᠯᠵᠦ᠂ ᠭᠡᠷᠡᠯᠲᠦ᠂ ᠦᠷᠢᠨᠲᠤᠶᠠᠭ᠎ᠠ ᠬᠤᠶᠠᠷ | ᠭᠠᠴᠠᠭᠠᠨ ᠤ ᠴᠠᠬᠢᠯᠭᠠᠨ ᠬᠦᠴᠦᠨ ᠤ ᠬᠠᠩᠭᠠᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ 66 | ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠲᠠᠩᠰᠤᠭᠪᠤᠯᠠᠭ | ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠴᠢᠬᠤᠯᠠ ᠴᠠᠬᠢᠯᠭᠠᠨ ᠬᠦᠴᠦᠨ ᠤ ᠰᠠᠭᠤᠷᠢ ᠪᠠᠲᠤᠯᠠᠭ᠎ᠠ ᠬᠠᠩᠭᠠᠪᠠ᠃ | | | | | | ᠠᠯᠠᠱᠠ ᠪᠠᠷᠠᠭᠤᠨ ᠬᠤᠰᠢᠭᠤᠨ ᠤ ᠲᠠᠩᠰᠤᠭᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ ᠰᠢᠤᠢ ᠵᠢᠶᠦ᠋ᠨ᠄ | ᠡᠨᠡ ᠤᠳᠠᠭ᠎ᠠ ᠮᠠᠨ ᠤ ᠰᠤᠮᠤᠨ ᠤ ᠭᠡᠷᠡᠯᠲᠦ ᠭᠠᠴᠠᠭ᠎ᠠ ᠪᠤᠯᠤᠨ ᠦᠷᠢᠨᠳᠤᠶᠠᠭᠠ ᠭᠠᠴᠠᠭᠠᠨ ᠳᠤ ᠴᠠᠬᠢᠯᠭᠠᠨ | ᠨᠡᠪᠲᠡᠷᠡᠭᠦᠯᠬᠦ ᠶᠢᠨ ᠬᠠᠮᠲᠤ ᠪᠠᠰᠠ ᠵᠠᠮ ᠳᠠᠭᠠᠤ 66 ᠮᠠᠯᠴᠢᠨ ᠡᠷᠦᠬᠡ ᠳᠤ ᠴᠠᠬᠢᠯᠭᠠᠨ ᠨᠡᠪᠲᠡᠷᠡᠭᠦᠯᠵᠦ᠂ ᠬᠤᠶᠠᠷ | ᠭᠠᠴᠠᠭᠠᠨ ᠤ ᠴᠠᠬᠢᠯᠭᠠᠨ ᠲᠣᠤᠷ ᠨᠡᠪᠲᠡᠷᠡᠬᠦ ᠥᠬᠡᠶ ᠲᠡᠤᠬᠡ ᠶᠢ ᠳᠠᠭᠤᠰᠬᠠᠵᠤ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠭᠠᠴᠠᠭᠠᠨ ᠤ ᠲᠡᠮᠡᠭᠡᠨ ᠤ ᠠᠵᠤ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | 2024 ᠣᠨ ᠳᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ | ᠬᠠᠩᠭᠠᠬᠤ ᠺᠣᠮᠫᠠᠨᠢ ᠶᠢᠨ ᠭᠠᠴᠠᠭᠠᠨ ᠤ ᠴᠠᠬᠢᠯᠭᠠᠨ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠣᠯ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠨᠢᠭᠡ ᠪᠣᠯᠤᠨ᠎ᠠ᠂ | ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 2.09 ᠳ᠋ᠦᠩᠰᠢᠭᠤᠷ ᠲᠥᠭᠦᠷᠢᠭ ᠪᠠᠶᠢᠵᠤ᠂ 3 ᠰᠠᠷ᠎ᠠ | ᠰᠢᠬᠠᠮ ᠤᠨ ᠬᠤᠭᠤᠴᠠᠭᠠᠨ ᠳᠤ᠂ 1089 ᠺᠢᠯᠣᠮᠧᠲᠷ᠂ ᠳᠥᠭᠦᠮ ᠬᠦᠴᠦᠳᠡᠯ ᠥᠭᠡᠷᠡᠴᠢᠯᠡᠬᠦ 2 ᠥᠷᠲᠡᠭᠡ ᠶᠢ | ᠰᠢᠨ᠎ᠡ ᠪᠠᠷ ᠪᠠᠶᠢᠭᠤᠯᠵᠤ᠂ ᠲᠣᠭᠲᠠᠭᠤᠨ ᠴᠢᠨᠠᠷ ᠰᠠᠶᠢᠲᠠᠶ ᠴᠠᠬᠢᠯᠭᠠᠨ ᠤ ᠲᠣᠤᠷ ᠢ ᠠᠯᠠᠱᠠ ᠠᠶᠢᠮᠠᠭ ᠤᠨ 23 | ᠭᠠᠴᠠᠭ᠎ᠠ ᠪᠣᠯᠣᠨ ᠵᠠᠮ ᠳᠠᠭᠠᠤ ᠶᠢᠨ 328 ᠮᠠᠯᠴᠢᠨ ᠲᠠᠷᠢᠶᠠᠴᠢᠨ ᠤ ᠬᠡᠷ ᠲᠤ ᠬᠦᠷᠭᠡᠪᠡ᠂ ᠡᠭᠦᠨ ᠳᠤ ᠠᠯᠠᠱᠠ | ᠪᠠᠷᠠᠭᠤᠨ ᠬᠤᠰᠢᠭᠤᠨ ᠤ 7 ᠭᠠᠴᠠᠭᠠᠨ ᠤ 121 ᠮᠠᠯᠴᠢᠨ ᠲᠠᠷᠢᠶᠠᠴᠢᠨ ᠤ ︽ᠴᠠᠬᠢᠯᠭᠠᠨ ᠬᠡᠷᠡᠭᠯᠡᠬᠦ ᠡᠷᠬᠡ ᠴᠢᠯᠥᠭᠡ︾ | ᠶᠢ ᠪᠡᠶᠡᠯᠡᠭᠦᠯᠪᠡ᠃ | | | | | | ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠶᠢᠨ ᠴᠠᠬᠢᠯᠭᠠᠨ ᠬᠠᠩᠭᠠᠬᠤ | ᠺᠣᠮᠫᠠᠨᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠭᠡᠯᠳᠡᠰ ᠤᠨ ᠲᠠᠷᠤᠭ᠎ᠠ ᠶᠣᠣ ᠵᠢᠶᠦ᠋ᠨ ᠺᠠᠶ᠄ | ᠪᠢᠳᠡ ᠠᠭᠤᠷ ᠠᠮᠢᠰᠬᠤᠯ ᠤᠨ ᠨᠥᠬᠦᠴᠡᠯ ᠮᠠᠭᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠪᠤᠳᠤᠯᠢᠶᠠᠨᠲᠠᠢ | ᠂ ᠵᠠᠮ ᠬᠠᠷᠢᠯᠴᠠᠭ᠎ᠠ ᠲᠡᠭᠡᠭᠡᠪᠦᠷᠢ ᠳᠤ ᠳᠥᠭᠦᠮ ᠦᠭᠡᠢ ᠵᠡᠷᠭᠡ ᠠᠰᠢᠭ ᠦᠭᠡᠢ ᠬᠦᠴᠦᠨ ᠵᠦᠢᠯ ᠢ ᠢᠯᠠᠨ ᠳᠠᠪᠠᠵᠤ᠂ | ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠡᠭᠦᠷᠭᠡ ᠶᠢ ᠣᠯᠤᠭᠰᠠᠨ ᠤ ᠳᠠᠷᠠᠭ᠎ᠠ ᠪᠢᠳᠡ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠲᠠᠢ ᠢᠳᠡᠪᠬᠢᠲᠡᠶ ᠵᠣᠯᠭᠠᠭᠤᠯᠵᠤ᠂ ᠴᠠᠬᠢᠯᠭᠠᠨ ᠨᠡᠪᠲᠡᠷᠡᠭᠡᠳᠦᠶ | ᠭᠠᠴᠠᠭᠠᠨ ᠤ ᠪᠠᠶᠢᠳᠠᠯ ᠢ ᠨᠠᠷᠢᠨ ᠬᠢᠨᠠᠮᠠᠭᠠᠶ ᠤᠶᠢᠯᠠᠭᠠᠨ ᠪᠠᠶᠢᠴᠠᠭᠠᠵᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ | ᠵᠢᠴᠢ ᠮᠠᠯᠴᠢᠨ ᠲᠠᠷᠢᠶᠠᠴᠢᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠣᠯᠠᠨ ᠤᠳᠠᠭ᠎ᠠ ᠬᠠᠶᠢᠨ | ᠪᠠᠶᠢᠴᠠᠭᠠᠵᠤ᠂ ᠪᠠᠶᠢᠴᠠᠭᠠᠨ ᠰᠤᠳᠤᠯᠤᠯᠲᠠ ᠬᠢᠵᠦ᠂ ᠲᠣᠭᠲᠠᠭᠰᠠᠨ ᠬᠤᠭᠤᠴᠠᠭᠠᠨ ᠳᠠᠭᠠᠨ ᠴᠠᠬᠢᠯᠭᠠᠨ | ᠨᠡᠪᠲᠡᠷᠡᠭᠦᠯᠬᠦ ᠶᠢ ᠦᠨᠡᠨ ᠬᠦ ᠪᠠᠲᠤᠯᠠᠪᠠ᠃ | | | | | | |