ᠶᠠᠩ ᠱᠤᠤ ᠴᠦᠨ ᠨᠠᠷ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠢ ᠭᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/20
    ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 12 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠱᠣᠤ ᠴᠦᠨ ᠳᠤᠭᠤᠶᠢᠯᠠᠩ ᠳᠠᠭᠠᠭᠤᠯᠤᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠤᠷᠢᠳ ᠬᠤᠵᠢᠳ ᠬᠤᠰᠢᠭᠤᠨ ᠤ ᠰᠢᠭᠤᠳ ᠬᠠᠷᠢᠶ᠎ᠠ ᠮᠣᠩᠭᠤᠯ ᠦᠨᠳᠦᠰᠦᠲᠡᠨ ᠤ ᠪᠦᠷᠢᠨ ᠪᠠᠭ᠎ᠠ ᠰᠤᠷᠭᠠᠭᠤᠯᠢ᠂ ᠬᠤᠶᠠᠳᠤᠭᠠᠷ ᠬᠡᠤᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠨᠢᠭᠡᠳᠦᠭᠡᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠳᠤᠮᠳᠠᠳᠤ ᠪᠠᠭ᠎ᠠ ᠰᠤᠷᠭᠠᠭᠤᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠭᠰᠠᠨ ᠪᠥᠭᠡᠳ ᠮᠣᠩᠭᠤᠯ ᠪᠠᠭ᠎ᠠ ᠰᠤᠷᠭᠠᠭᠤᠯᠢ᠂ ᠮᠣᠩᠭᠤᠯ ᠳᠤᠮᠳᠠᠳᠤ ᠰᠤᠷᠭᠠᠭᠤᠯᠢ ᠳᠤ ᠰᠤᠷᠣᠭᠴᠢᠳ ᠲᠠᠢ ᠬᠠᠮᠳᠤ ᠬᠤᠭᠤᠯᠠ ᠢᠳᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠸᠠᠩ ᠳ᠋ᠦᠸᠧ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠷᠠᠩᠭᠤᠸ᠎ᠠ᠂ ᠰᠢᠤᠢ ᠰᠢᠤᠸᠠᠢ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠱᠸᠤ ᠹᠦ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
1.jpg
         ᠶᠠᠩ ᠱᠤᠤ ᠴᠦᠨ ᠨᠠᠷ ᠤᠷᠢᠳ ᠬᠤᠵᠢᠳ ᠰᠤᠷᠭᠠᠭᠤᠯᠢ ᠶᠢᠨ ᠬᠤᠭᠤᠯᠠᠨ ᠭᠡᠷ᠂ ᠠᠷᠤ ᠲᠣᠭᠤᠭᠠᠨ ᠭᠡᠷ ᠵᠡᠷᠭᠡ ᠭᠠᠵᠠᠷ ᠲᠤ ᠬᠦᠷᠴᠦ᠂ ᠢᠳᠡᠭᠡᠨ ᠤ ᠲᠦᠭᠦᠬᠡᠢ ᠮᠠᠲ᠋ᠧᠷᠢᠶᠠᠯ᠂ ᠬᠤᠳᠠᠯᠳᠤᠨ ᠠᠪᠬᠤ ᠠᠷᠭ᠎ᠠ ᠵᠠᠮ᠂ ᠬᠥᠮᠥᠷᠭᠡ ᠶᠢᠨ ᠬᠠᠮᠢᠶᠠᠷᠤᠯᠲᠠ᠂ ᠲᠣᠭᠤᠭᠠᠨ ᠭᠡᠷ  ᠤᠨ ᠠᠷᠢᠭᠤᠨ ᠴᠡᠪᠡᠷ᠂ ᠢᠳᠡᠭᠡᠨ ᠤ ᠶᠠᠩᠵᠤ ᠦᠯᠡᠳᠡᠭᠡᠬᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠤᠭᠰᠠᠨ ᠵᠢᠴᠢ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠪᠣᠳᠠᠲᠠᠢ ᠪᠠᠶᠢᠳᠠᠯ ᠢ ᠨᠠᠷᠢᠨ ᠣᠶᠢᠯᠠᠭᠠᠵᠤ᠂ ᠪᠠᠭᠰᠢ ᠰᠤᠷᠤᠭᠴᠢᠳ ᠤᠨ ᠬᠤᠭᠤᠯᠠᠨ ᠭᠡᠷ ᠤᠨ ᠬᠤᠭᠤᠯᠠ ᠨᠣᠭᠤᠭ᠎ᠠ ᠶᠢᠨ ᠲᠦᠷᠦᠯ ᠵᠦᠢᠯ᠂ ᠶᠠᠰᠤ ᠴᠢᠨᠠᠷ᠂ ᠦᠨ᠎ᠡ ᠬᠠᠩᠰᠢ ᠵᠢᠴᠢ ᠬᠤᠭᠤᠯᠠ ᠢᠳᠡᠬᠦ ᠣᠷᠴᠢᠨ ᠲᠣᠭᠤᠷᠢᠨ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ᠂ ᠭᠠᠯ ᠤᠨᠲᠠᠷᠠᠭᠠᠬᠤ᠂ ᠴᠠᠬᠢᠯᠭᠠᠨ ᠬᠡᠢ ᠬᠡᠷᠡᠭᠯᠡᠬᠦ ᠵᠡᠷᠭᠡ ᠠᠮᠤᠷ ᠲᠦᠪᠰᠢᠨ ᠤ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃
2.jpg
    ᠶᠠᠩ ᠱᠣᠣ ᠴᠦᠨ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠨᠢ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢᠶᠠᠷ ᠬᠥᠭᠵᠢᠬᠦ ᠲᠠᠢ ᠬᠤᠯᠪᠣᠭᠳᠠᠵᠤ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢᠨ ᠲᠡᠷᠢᠭᠦᠨ ᠴᠢᠬᠤᠯᠠ ᠶᠠᠪᠤᠳᠠᠯ ᠮᠥᠨ᠂ ᠨᠡᠶᠢᠭᠡᠮ ᠳᠠᠶᠠᠭᠠᠷ ᠤᠨ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠤᠭᠤᠯᠠ ᠬᠠᠩᠭᠠᠬᠤ ᠰᠤᠷᠭᠠᠭᠤᠯᠢ ᠨᠤᠭᠤᠳ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠲᠦᠭᠦᠬᠡᠶ ᠮᠠᠲ᠋ᠧᠷᠢᠶᠠᠯ ᠵᠢᠴᠢ ᠪᠦᠲᠦᠭᠡᠭᠳᠡᠬᠦᠨ ᠢ ᠳᠣᠭᠢᠷᠠᠭᠤᠯᠤᠨ ᠬᠦᠷᠭᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠳ᠋ᠰᠢᠭᠦᠯᠦᠨ ᠦᠢᠯᠡᠳᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠠᠮᠲᠤ ᠬᠤᠭᠤᠯᠠᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠢᠳᠡᠭᠡᠨ ᠤ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠢᠳᠡᠭᠡᠨ ᠤ ᠮᠠᠲ᠋ᠧᠷᠢᠶᠠᠯ ᠤᠨ ᠰᠢᠨ᠎ᠡ ᠰᠣᠷᠭᠤᠭ᠂ ᠡᠳ᠋ᠰᠢᠭᠦᠯᠵᠦ ᠳᠦᠷᠢᠮᠵᠢᠭᠰᠡᠨ᠂ ᠢᠳᠡᠭᠡᠨ ᠤᠮᠳᠠᠭᠠᠨ ᠤ ᠣᠷᠴᠢᠨ ᠲᠣᠭᠤᠷᠢᠨ ᠤ ᠠᠮᠤᠷ ᠲᠦᠪᠰᠢᠨ ᠡᠷᠡᠭᠦᠯ ᠮᠡᠨᠳᠦ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠶ  ᠭᠡᠪᠡ᠃ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶ ᠬᠢᠵᠦ᠂ ᠢᠳᠡᠭᠡᠨ ᠤᠮᠳᠠᠭᠠᠨ᠂  ᠰᠤᠷᠭᠠᠭᠤᠯᠢ  ᠶᠢᠨ ᠪᠠᠶᠢᠷᠢ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠦᠭᠦ ᠲᠠᠯ᠎ᠠ ᠪᠠᠷ ᠪᠦᠷᠭᠦᠭᠦᠯᠭᠦ  ᠶᠢ ᠦᠨᠡᠨᠬᠦ ᠪᠠᠲᠤᠯᠠᠬᠤ ᠬᠡᠷᠡᠭᠲᠡᠶ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号