12 ᠰᠠᠷ᠎ᠠ ᠶᠢᠨ 18 ᠤ ᠡᠳᠦᠷ᠂ ᠠᠯᠠᠱᠠ ᠪᠠᠷᠠᠭᠤᠨ ᠬᠤᠰᠢᠭᠤᠨ ᠤ ᠦᠨᠳᠦᠰᠦᠨ ᠱᠠᠲᠤᠨ ᠤ ᠭᠠᠮᠰᠢᠭ ᠢ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠡᠷᠭᠡ ︵ᠲᠣᠨᠤᠭ ᠲᠥᠬᠦᠭᠡᠷᠦᠮᠵᠢ︶ ᠶᠢ | ᠲᠥᠪᠯᠡᠷᠡᠭᠦᠯᠦᠨ ᠲᠠᠷᠬᠠᠭᠠᠬᠤ ᠶᠣᠰᠣᠯᠠᠯ ᠠᠮᠵᠢᠯᠲᠠ ᠲᠠᠢ ᠶᠠᠪᠤᠭᠳᠠᠪᠠ᠃ ᠶᠣᠰᠣᠯᠠᠯ ᠤᠨ ᠠᠬᠤᠶ ᠲᠠᠯᠠᠪᠠᠶ ᠳᠤ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ 11 ᠲᠡᠷᠭᠡ᠂ ᠬᠠᠷᠠᠭᠠᠨ ᠳᠠᠪᠲᠠᠮᠵᠢ ᠪᠠᠷ ᠵᠢᠯᠣᠭᠤᠳᠤᠨ | ᠲᠣᠬᠢᠷᠠᠭᠤᠯᠬᠤ ᠦᠵᠦᠭᠦᠷ ᠪᠠ ᠵᠢᠯᠣᠭᠤᠴᠢ ᠥᠬᠡᠶ ᠨᠢᠰᠬᠡᠯ ᠵᠡᠷᠭᠡ ᠨᠢᠭᠡ ᠪᠦᠯᠦᠭ ᠪᠠᠭᠠᠵᠢ ᠬᠡᠷᠡᠭᠰᠡᠯ ᠲᠣᠨᠤᠭ | ᠲᠥᠬᠦᠭᠡᠷᠦᠮᠵᠢ ᠶᠢ ᠪᠦᠬᠦᠨ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠰᠤᠮᠤ | ᠪᠠᠯᠭᠠᠰᠤᠨ ᠳᠤ ᠲᠣᠬᠢᠷᠠᠭᠤᠯᠤᠨ ᠲᠠᠷᠬᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤ ᠳᠠᠷᠤᠭ᠎ᠠ ᠸᠠᠩ ᠬᠤᠩ ᠵᠢᠶ ᠶᠣᠰᠣᠯᠠᠯ ᠢ ᠡᠷᠭᠢᠯᠡᠪᠡ᠃ | | | | | ᠲᠣᠰ ᠪᠦᠯᠦᠭ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠲᠣᠨᠤᠭ | ᠲᠥᠬᠦᠭᠡᠷᠦᠮᠵᠢ ᠶᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠢᠩᠬᠢᠮ ᠤᠨ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ᠂ ᠶᠡᠷᠦᠩᠬᠡᠶᠢᠯᠡᠭᠰᠡᠨ ᠲᠠᠪᠴᠠᠩ᠂ ᠴᠢᠮᠡᠭᠡ | ᠬᠤᠯᠪᠣᠭᠠᠨ ᠤ ᠪᠠᠲᠤᠯᠠᠭ᠎ᠠ᠂ ᠤᠷᠢᠳᠴᠢᠯᠠᠨ ᠰᠡᠷᠡᠮᠵᠢᠯᠡᠭᠦᠯᠬᠦ ᠵᠢᠯᠣᠭᠤᠳᠣᠯᠭ᠎ᠠ ᠵᠡᠷᠭᠡ ᠲᠥᠷᠥᠯ ᠵᠦᠢᠯ ᠳᠤ | ᠲᠦᠰᠢᠭᠯᠡᠨ᠂ ᠶᠡᠷᠦᠩᠬᠡᠶ ᠪᠠᠯᠠ ᠣᠷᠣᠭᠤᠯᠤᠯᠲᠠ ᠨᠢ 750 ᠲᠦᠮᠡᠨ ᠲᠥᠭᠦᠷᠢᠭ ᠲᠤ ᠬᠦᠷᠴᠦ᠂ ᠨᠡᠶᠢᠲᠡ 364 | ᠬᠤᠪᠢ ︵ᠲᠠᠪᠴᠠᠩ︶ ᠪᠠᠶᠢᠵᠤ᠂ ᠰᠤᠮᠤ ᠪᠠᠯᠭᠠᠰᠤᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ | ᠪᠠᠶᠢᠭᠤᠯᠤᠯᠲᠠ ᠶᠢᠨ ᠲᠣᠳᠠᠭᠳᠠᠯ ᠢ ᠪᠦᠲᠦᠮᠵᠢᠲᠡᠶ ᠨᠥᠬᠦᠪᠥᠷᠢᠯᠡᠵᠦ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠥᠬᠦ ᠬᠤᠰᠢᠭᠤᠨ ᠤ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠬᠤ ᠳᠤ ᠨᠠᠩ ᠬᠦᠴᠦᠲᠡᠶ ᠪᠠᠲᠤᠯᠠᠭ᠎ᠠ ᠬᠠᠩᠭᠠᠪᠠ᠃ | | | | | ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠡᠷᠭᠡ᠂ ᠲᠣᠨᠤᠭ ᠲᠥᠬᠦᠭᠡᠷᠦᠮᠵᠢ ᠶᠢ ᠠᠵᠢᠯᠯᠠᠭᠤᠯᠤᠨ | ᠬᠡᠷᠡᠭᠯᠡᠬᠦ ᠵᠡᠷᠭᠡ ᠠᠭᠤᠯᠭ᠎ᠠ ᠶᠢᠨ ᠲᠤᠬᠠᠶ ᠪᠣᠯᠪᠠᠰᠤᠷᠠᠯ ᠥᠷᠨᠢᠭᠦᠯᠵᠦ᠂ ᠲᠣᠨᠤᠭ ᠲᠥᠬᠦᠭᠡᠷᠦᠮᠵᠢ ᠶᠢ ᠬᠤᠳᠠᠯᠳᠤᠨ | ᠠᠪᠬᠤ᠂ ᠬᠡᠷᠡᠭᠯᠡᠬᠦ ᠠᠷᠭ᠎ᠠ ᠵᠢᠴᠢ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠳᠤ ᠠᠩᠬᠠᠷᠬᠤ ᠵᠦᠢᠯᠡᠰ ᠢ | ᠲᠤᠬᠠᠶ ᠶᠢᠨ ᠲᠠᠯᠠᠪᠤᠷ ᠲᠤᠨᠢ ᠲᠠᠶᠢᠯᠪᠤᠷᠢᠯᠠᠵᠤ᠂ ᠪᠣᠳᠠᠲᠠᠶ ᠪᠣᠯᠪᠠᠰᠤᠷᠠᠯ ᠥᠷᠨᠢᠭᠦᠯᠬᠦ ᠶᠢ ᠵᠢᠯᠣᠭᠤᠳᠪᠠ᠃ | | | | | ᠲᠠᠷᠠᠭᠠᠴᠢ ᠶᠢᠨ ᠠᠯᠬᠤᠮ ᠳᠤ᠂ ᠠᠯᠠᠱᠠ ᠪᠠᠷᠠᠭᠤᠨ ᠬᠤᠰᠢᠭᠤ ᠮᠥᠨ ᠴᠢᠨᠠᠷ ᠤᠨ ᠠᠮᠤᠷ ᠲᠦᠪᠰᠢᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ᠂ ᠭᠠᠶ ᠭᠠᠮᠰᠢᠭ ᠤᠨ ᠠᠳᠡᠯ ᠢ ᠰᠡᠷᠭᠡᠶᠢᠯᠡᠨ ᠠᠷᠢᠯᠭᠠᠬᠤ᠂ | ᠳᠠᠯᠳᠠ ᠬᠡᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠵᠤ᠂ ᠲᠣᠭᠲᠠᠭᠤᠨ ᠪᠠᠶᠢᠳᠠᠯ ᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ | | | | | | | | | | |