ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠡᠪᠦᠯ ᠤᠨ ᠤᠯᠠᠷᠢᠯ ᠤᠨ ᠭᠡᠭᠡᠷᠡᠯᠠᠨ ᠭᠦᠶᠦᠭᠦ ᠤᠷᠤᠯᠳᠤᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/24
    ᠭᠡᠭᠡᠷᠡᠯᠠᠨ ᠭᠦᠶᠦᠭᠦ ᠣᠷᠣᠯᠳᠣᠭᠠᠨ ᠤ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠤᠷᠭᠠᠭᠤᠯᠢ ᠠᠴᠠ ᠠᠮᠤᠷ ᠲᠦᠪᠰᠢᠨ ᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠵᠠᠮ ᠳᠠᠭᠠᠤ ᠠᠮᠤᠷ ᠲᠦᠪᠰᠢᠨ ᠤ ᠦᠢᠯᠡᠴᠢᠯᠡᠭᠡᠨ ᠤ ᠠᠵᠢᠯ ᠤᠨ ᠪᠠᠶᠢᠷᠢ ᠶᠢ ᠲᠣᠬᠢᠷᠠᠭᠤᠯᠵᠤ᠂ ᠡᠯ᠎ᠡ ᠭᠤᠭᠴᠤᠭ᠎ᠠ ᠶᠢᠨ ᠬᠠᠷᠢᠭᠤᠴᠠᠯᠭᠠᠲᠠᠨ ᠵᠢᠴᠢ ᠡᠭᠦᠷᠭᠡ ᠶᠢ ᠪᠠᠶᠢᠷᠢᠯᠠᠭᠤᠯᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠡᠶᠡᠯᠡᠭᠦᠯᠪᠡ᠃
1.jpg
    ᠳᠣᠬᠢᠶᠠᠨ ᠤ ᠫᠣᠣ ᠶᠢᠨ ᠲᠠᠭᠤᠨ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠬᠥᠰᠢᠭᠡ ᠪᠠᠨ ᠰᠡᠬᠦᠵᠦ᠂ ᠤᠷᠤᠯᠳᠤᠭᠠᠨ ᠨᠢ ᠳᠣᠣᠷ᠎ᠠ ᠠᠩᠭᠢ ᠠᠴᠠ ᠥᠨᠳᠥᠷ ᠠᠩᠭᠢ ᠲᠡᠶᠢᠰᠢ  ᠠᠳᠠᠯᠢ ᠪᠤᠰᠤ ᠴᠠᠭ ᠬᠤᠭᠤᠴᠠᠭ᠎ᠠ ᠬᠤᠪᠢᠶᠠᠨ ᠶᠠᠪᠤᠭᠳᠠᠵᠤ᠂ ᠬᠡᠳᠦ᠋ᠢᠪᠡᠷ ᠠᠭᠤᠷ ᠠᠮᠢᠰᠬᠤᠯ ᠬᠦᠢᠲᠡᠨ ᠪᠣᠯᠪᠠᠴᠤ ᠤᠷᠤᠯᠳᠤᠭᠠᠨ ᠤ ᠲᠠᠯᠠᠪᠤᠷ ᠲᠤ ᠬᠠᠷᠢᠨ ᠬᠥᠷ ᠬᠥᠭᠵᠢᠶᠡᠨ ᠢᠶᠠᠷ ᠪᠢᠯᠬᠠᠵᠤ᠂ ᠲᠠᠮᠢᠷᠴᠢᠨ ᠨᠢᠭᠡᠪᠦᠷᠢ ᠴᠥᠮ ᠴᠤᠭ ᠵᠢᠪᠬᠤᠭ᠎ᠠ ᠲᠡᠭᠦᠯᠳᠡᠷ  ᠪᠠᠶᠢᠯ᠎ᠠ᠃
2.jpg
    ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠨᠢᠭᠡᠳᠦᠭᠡᠷ ᠠᠩᠭᠢ ᠶᠢᠨ ᠰᠤᠷᠤᠭᠴᠢ ᠵᠦ ᠰᠧ ᠶᠢᠩ᠄    ᠭᠡᠭᠡᠷᠡᠯᠠᠨ ᠭᠦᠶᠦᠭᠦ ᠤᠷᠤᠯᠳᠤᠭᠠᠨ ᠳᠤ ᠣᠷᠣᠯᠴᠠᠬᠤ ᠨᠢ ᠮᠠᠰᠢ ᠣᠯᠠᠨ ᠰᠠᠶᠢᠨ ᠲᠠᠯ᠎ᠠ ᠲᠠᠢ ᠪᠠᠢᠳᠠᠭ᠂ ᠮᠠᠨ ᠤ ᠪᠡᠶ᠎ᠡ ᠶᠢᠨ ᠪᠤᠯᠴᠢᠩ ᠢ ᠳᠠᠪᠲᠠᠨ ᠪᠣᠯᠪᠠᠰᠤᠷᠠᠭᠤᠯᠵᠤ᠂  ᠵᠢᠷᠦᠬᠡ ᠠᠭᠤᠰᠭᠢᠨ ᠤ ᠴᠢᠳᠠᠮᠵᠢ ᠶᠢ ᠲᠡᠭᠡᠭᠰᠢᠯᠠᠭᠦᠯᠵᠦ ᠴᠢᠳᠠᠨ᠎ᠠ ᠂ ᠪᠠᠰᠠ ᠮᠠᠨ ᠤ ᠡᠰᠡᠷᠭᠦᠴᠡᠬᠦ ᠴᠢᠳᠠᠪᠤᠷᠢ ᠶᠢ ᠲᠡᠭᠡᠭᠰᠢᠯᠠᠭᠦᠯᠭᠦ  ᠪᠣᠯᠤᠨ᠎ᠠ᠂ ᠰᠤᠷᠭᠠᠭᠤᠯᠢ ᠦᠷᠭᠦᠯᠵᠢ ᠡᠶᠢᠮᠦ ᠬᠥᠳᠡᠯᠭᠡᠭᠡᠨ ᠢ ᠵᠣᠬᠢᠶᠠᠨ ᠪᠠᠶᠢᠭᠤᠯᠬᠤ ᠶᠢ ᠭᠦᠰᠡᠵᠤ ᠪᠠᠶᠢᠨ᠎ᠠ ᠂  ᠪᠢ ᠡᠶᠢᠮᠤ ᠬᠥᠳᠡᠯᠭᠡᠭᠡᠨ ᠳᠤ ᠣᠷᠣᠯᠴᠠᠬᠤ ᠳᠤᠷᠠᠲᠠᠢ  ᠭᠡᠪᠠ᠃    ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠬᠤᠶᠠᠳᠤᠭᠠᠷ ᠠᠩᠭᠢ ᠶᠢᠨ ᠰᠤᠷᠤᠭᠴᠢ ᠯᠢ ᠢ ᠨᠦᠸᠧ :    ᠡᠭᠢᠯᠡᠵᠤ  ᠭᠦᠶᠦᠬᠦ  ᠦᠶᠡᠰ ᠮᠢᠨᠦ ᠱᠠᠬᠠᠢ  ᠮᠤᠯᠳᠤᠷᠠᠵᠤ ᠣᠨᠠᠭᠰᠠᠨ᠂ ᠪᠢ ᠱᠠᠬᠠᠢ ᠪᠠᠨ ᠲᠡᠭᠦᠵᠤ ᠠᠪᠦᠶ᠎ᠠ ᠭᠡᠵᠤ ᠪᠣᠳᠣᠭᠰᠠᠨ ᠭᠡᠪᠡᠴᠦ ᠠᠩᠭᠢ ᠶᠢᠨ ᠢᠷᠠᠭᠤ ᠠᠯᠳᠠᠷ ᠤᠨ ᠲᠦᠯᠦᠭᠡ  ᠪᠢ  ᠭᠦᠯ  ᠨᠢᠴᠦᠭᠦᠨ ᠭᠦᠶᠦᠭᠡᠳ ᠢᠷᠡᠭᠰᠡᠨ ᠶᠣᠮ᠃
3.jpg
    ᠤᠷᠤᠯᠳᠤᠭᠠᠨ ᠤ ᠶᠠᠪᠤᠴᠠ ᠳᠤ ᠰᠤᠷᠤᠭᠴᠢᠳ ᠬᠠᠬᠢᠷ ᠬᠦᠢᠳᠡᠨ ᠠᠴᠠ ᠠᠶᠤᠯ ᠦᠭᠡᠢ ᠪᠠᠷ ᠡᠷᠡᠯᠬᠡᠭᠯᠡᠨ ᠲᠡᠮᠡᠴᠡᠵᠦ᠂ ᠡᠴᠦᠰ ᠳᠤᠨᠢ ᠲᠣᠯᠳᠠᠯ᠎ᠠ ᠴᠢᠷᠮᠠᠶᠢᠨ ᠪᠠᠷᠢᠮᠲᠠᠯᠠᠪᠠ᠃ ᠬᠡᠷ ᠤᠨ ᠠᠬᠠᠮᠠᠳ ᠢᠶᠠᠷ ᠪᠦᠷᠢᠯᠳᠦᠭᠰᠡᠨ ᠵᠣᠷᠢᠭᠵᠢᠭᠤᠯᠬᠤ ᠠᠩᠭᠢ ᠴᠤ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠷ  ᠪᠦᠭᠦ ᠬᠡᠤᠬᠡᠳ ᠤᠳ ᠪᠣᠯᠤᠨ ᠦᠪᠠᠷ ᠤᠨ ᠭᠡᠣᠭᠡᠳ ᠪᠠᠶᠢᠭ᠎ᠠ ᠠᠩᠭᠢ ᠳᠠᠭᠠᠨ ᠬᠦᠴᠦ ᠨᠡᠮᠡᠨ᠎ᠡ᠃    ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠭᠤᠷᠪᠠᠳᠤᠭᠠᠷ ᠠᠩᠭᠢ ᠶᠢᠨ ᠰᠤᠷᠤᠭᠴᠢ ᠸᠠᠩ ᠢ ᠴᠧᠨ᠄     ᠡᠪᠦᠯ ᠤᠨ ᠤᠯᠠᠷᠢᠯ ᠤᠨ ᠭᠡᠭᠡᠷᠡᠯᠡᠨ ᠭᠦᠶᠦᠭᠦ ᠤᠷᠤᠯᠳᠤᠭᠠᠨ ᠪᠣᠯ ᠮᠠᠨ ᠤ ᠰᠤᠷᠭᠠᠭᠤᠯᠢ ᠶᠢᠨ ᠵᠢᠯ ᠪᠦᠷᠢ ᠵᠢᠨ‌ᠡᠪᠦᠯ ᠤᠨ ᠤᠯᠠᠷᠢᠯ ᠳᠤ ᠶᠠᠪᠤᠭᠳᠠᠬᠤ ᠨᠢᠭᠡ ᠤᠷᠤᠯᠳᠤᠭᠠᠨ ᠪᠣᠯᠤᠨ᠎ᠠ᠂  ᠲᠤᠰ ᠤᠷᠤᠯᠳᠤᠭᠠᠨ ᠨᠢ  ᠪᠢᠳᠠ ᠤ  ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠳᠤ  ᠲᠦᠢᠯ ᠤᠨ ᠲᠣᠰᠠ ᠲᠠᠢ ᠶᠣᠮ᠃ ᠪᠢ ᠡᠶᠢᠮᠦ ᠤᠷᠤᠯᠳᠤᠭᠠᠨ ᠳᠤ ᠣᠷᠣᠯᠴᠠᠬᠤ ᠳᠤᠷᠠᠲᠠᠢ᠂ ᠤᠴᠢᠷ ᠨᠢ ᠮᠢᠨᠤ ᠦᠵᠡᠬᠦ ᠪᠠᠷ ᠢᠩᠭᠢᠪᠡᠯ ᠬᠠᠮᠲᠤ ᠰᠤᠷᠤᠭᠴᠢ ᠶᠢᠨ ᠬᠠᠮᠲᠤ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠨᠡᠮᠡᠭᠳᠡᠭᠦᠯᠵᠦ ᠂ ᠠᠩᠭᠢ ᠨᠡᠶᠢᠳᠡ ᠶᠢ ᠨᠢᠭᠲᠠᠷᠠᠯ ᠤᠨ ᠬᠦᠴᠦᠨ ᠲᠠᠢ ᠪᠣᠯᠭᠠᠵᠤ ᠴᠢᠳᠠᠨ᠎ᠠ᠃
4.jpg
     ᠲᠤᠰ ᠤᠳᠠᠭᠠᠨ ᠤ ᠡᠪᠦᠯ ᠤᠨ ᠤᠯᠠᠷᠢᠯ ᠤᠨ ᠭᠡᠭᠡᠷᠡᠯᠠᠨ ᠭᠦᠶᠦᠭᠦ ᠤᠷᠤᠯᠳᠤᠭᠠᠨ ᠶᠠᠪᠤᠭᠳᠠᠭᠰᠠᠨ ᠨᠢ ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠶᠢᠨ  ᠰᠤᠷᠤᠭᠴᠢᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠲᠠᠮᠢᠷᠴᠢᠳ ᠤᠨ ᠵᠣᠷᠢᠭᠲᠠᠶ ᠪᠠᠷ ᠲᠡᠮᠡᠴᠡᠵᠦ᠂ ᠥᠷᠢᠰᠥᠯᠳᠦᠭᠡᠨ ᠠᠴᠠ ᠠᠶᠤᠬᠤ ᠥᠬᠡᠶ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠬᠠᠮᠲᠤ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠨᠡᠮᠡᠭᠳᠡᠭᠦᠯᠦᠭᠰᠡᠨ ᠪᠠᠶᠢᠨ᠎ᠠ᠃    ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ ᠳ᠋ᠦ᠋ ᠬᠦᠶ ᠰᠢᠶᠠᠨ᠄    ᠬᠡᠭᠡᠷ᠎ᠡ ᠭᠠᠳᠠᠨ᠎ᠠ ᠬᠤᠯᠠ ᠭᠦᠶᠦᠬᠦ ᠪᠣᠯ ᠪᠡᠶ᠎ᠡ ᠮᠠᠬᠠᠪᠣᠳ ᠢᠶᠠᠨ ᠠᠳᠠᠯᠢᠳᠬᠠᠬᠤ᠂ ᠡᠷᠴᠢ ᠵᠣᠷᠢᠭ ᠢᠶᠠᠨ ᠬᠥᠪᠴᠢᠯᠡᠬᠦ ᠥᠪᠡᠷ ᠤᠨ ᠰᠢᠯᠭᠠᠯᠲᠠ ᠮᠥᠨ᠂ ᠰᠦᠷᠳᠡᠯ ᠦᠭᠡᠢ ᠪᠠᠷ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠬᠤᠪᠢᠷᠠᠯᠲᠠ ᠮᠥᠨ᠃ ᠡᠨᠡ ᠤᠳᠠᠭᠠᠨ ᠤ ᠬᠡᠭᠡᠷᠡᠯᠡᠨ ᠭᠦᠶᠦᠬᠦ ᠤᠷᠤᠯᠳᠤᠭᠠᠨ ᠳᠤ ᠬᠡᠦᠬᠡᠳ ᠤᠳ ᠤᠨ ᠣᠯᠤᠯᠲᠠ ᠪᠣᠯ ᠠᠮᠵᠢᠯᠲᠠ ᠪᠦᠲᠦᠮᠵᠢ ᠪᠣᠯᠣᠨ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨᠲᠠᠷᠠᠰᠢ ᠦᠭᠡᠢ ᠵᠣᠷᠢᠭ ᠰᠠᠨᠠᠭ᠎ᠠ ᠪᠣᠯᠤᠨ᠎ᠠ᠂ ᠡᠳᠡᠭᠡᠷ ᠡᠷᠬᠢᠮ ᠨᠠᠨᠳᠢᠨ ᠣᠪᠣᠷ ᠰᠤᠷᠳᠠᠯ ᠨᠢ ᠲᠡᠳᠡᠨ ᠤ ᠢᠷᠡᠭᠡᠳᠦᠢ ᠶᠢᠨ ᠠᠮᠢᠳᠤᠷᠠᠯ ᠤᠨ ᠵᠠᠮ ᠳᠡᠭᠡᠷ᠎ᠡ ᠡᠷᠡᠯᠬᠡᠭᠯᠡᠨ ᠤᠷᠤᠭᠰᠢᠯᠠᠵᠤ᠂ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠣᠯᠤᠨ᠎ᠠ᠃ ᠬᠤᠶᠢᠰᠢᠳᠠ ᠠᠯᠠᠱᠠ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠦᠷᠢᠨ ᠪᠠᠭ᠎ᠠ ᠰᠤᠷᠭᠠᠭᠤᠯᠢ ᠦᠷᠭᠦᠯᠵᠢᠯᠡᠨ ᠲᠣᠰ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃                   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号