12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠪᠦᠯᠬᠦᠮ | ᠳᠠᠭᠠᠭᠤᠯᠤᠨ ᠠᠯᠠᠱᠠ ᠪᠠᠷᠠᠭᠤᠨ ᠬᠤᠰᠢᠭᠤᠨ ᠤ ᠲᠠᠢ ᠰᠢᠩ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ᠬᠦᠷᠴᠦ᠂ ᠲᠠᠢ ᠰᠢᠩ ᠨᠡᠭᠦᠷᠡᠰᠦᠨ ᠠᠭᠤᠷᠬᠠᠢ ᠶᠢᠨ ᠠᠵᠢᠯ ᠢᠶᠠᠨ ᠰᠡᠷᠭᠦᠭᠡᠭᠰᠡᠨ ᠪᠠᠶᠢᠳᠠᠯ ᠤᠨ ᠲᠤᠬᠠᠢ | ᠪᠠᠶᠢᠴᠠᠭᠠᠨ ᠵᠢᠯᠣᠭᠤᠳᠪᠠ᠃ ᠵᠢᠶᠠᠩ ᠪᠢᠩ ᠵᠢᠶᠧ᠂ ᠶᠠᠩ ᠯᠢ ᠶᠦᠨ᠂ ᠶᠠᠩ ᠱᠣᠣ ᠴᠦᠨ᠂ ᠰᠦᠨ ᠭᠠᠩ ᠳ᠋ᠧ | ᠵᠡᠷᠭᠡ ᠬᠤᠰᠢᠭᠤᠨ ᠤ ᠳᠥᠷᠪᠡᠨ ᠤᠳᠤᠷᠢᠳᠬᠤ ᠪᠠᠭ ᠤᠨ ᠤᠳᠤᠷᠢᠳᠤᠯᠭ᠎ᠠ ᠪᠠᠶᠢᠴᠠᠭᠠᠯᠲᠠ ᠳᠤ ᠣᠷᠣᠯᠴᠠᠪᠠ᠃ | | | | | ᠠᠵᠤ ᠠᠬᠤᠶᠢᠯᠠᠯ ᠤᠨ ᠠᠮᠤᠷ ᠲᠦᠪᠰᠢᠨ ᠤ ᠲᠥᠬᠦᠭᠡᠷᠦᠮᠵᠢ ᠶᠢ ᠵᠢᠷᠤᠵᠤ ᠲᠥᠯᠥᠪᠯᠡᠨ ᠴᠡᠭᠴᠡᠯᠡᠨ | ᠰᠠᠶᠢᠵᠢᠷᠠᠭᠤᠯᠵᠤ ᠠᠵᠢᠯ ᠰᠡᠷᠭᠦᠭᠡᠬᠦ ᠲᠤᠬᠠᠶ ᠶᠢᠨ ᠲᠠᠯᠠᠪᠠᠶ ᠳᠤ᠂ ᠭᠤᠤ ᠵᠧᠩ ᠨᠠᠷ ᠬᠤᠳᠳᠤᠭ ᠳᠣᠤᠷᠠᠬᠢ | ᠬᠥᠮᠦᠰ ᠤᠨ ᠪᠠᠶᠢᠷᠢ ᠲᠣᠭᠲᠠᠭᠠᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠵᠡᠷᠭᠡ | ᠨᠡᠭᠦᠷᠡᠰᠦᠨ ᠠᠭᠤᠷᠬᠠᠶ ᠶᠢᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠪᠠ ᠳᠡᠭᠡᠭᠰᠢᠯᠡᠭᠦᠯᠦᠨ ᠥᠭᠡᠷᠡᠴᠢᠯᠡᠬᠦ | ᠠᠵᠢᠯ ᠤᠨ ᠠᠬᠢᠴᠠ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠠᠮᠤᠷ ᠲᠦᠪᠰᠢᠨ ᠤ ᠲᠦᠷᠢᠮ ᠢ | ᠬᠡᠷᠡᠭᠵᠢᠭᠦᠯᠦᠭᠰᠡᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ | | | | | | ᠭᠤᠤ ᠵᠧᠩ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠪᠣᠯ ᠨᠡᠭᠦᠷᠡᠰᠦᠨ ᠠᠭᠤᠷᠬᠠᠢ ᠶᠢᠨ ᠠᠵᠤ | ᠠᠬᠤᠶᠢᠯᠠᠯ ᠤᠨ ᠠᠮᠢᠨ ᠰᠤᠳᠠᠰᠤ ᠮᠥᠨ᠃ ᠠᠵᠤ ᠠᠬᠤᠶᠢᠯᠠᠯ ᠤᠨ ᠬᠢᠨ ᠠᠮᠤᠷ ᠲᠦᠪᠰᠢᠨ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠱᠠᠭᠠᠷᠳᠠᠯᠭ᠎ᠠ | ᠪᠠᠷ ᠴᠢᠩᠭ᠎ᠠ ᠪᠠᠷᠢᠮᠵᠢᠶ᠎ᠠ ᠪᠣᠯᠭᠠᠵᠤ᠂ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ | ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠵᠣᠬᠢᠰᠲᠠᠢ ᠲᠤᠬᠢᠷᠠᠭᠤᠯᠵᠤ᠂ ᠬᠠᠤᠯᠢ ᠲᠣᠭᠲᠠᠭᠠᠯ ᠶᠣᠰᠣᠭᠠᠷ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠬᠠᠮᠢᠶ᠎ᠠ ᠪᠥᠬᠦᠶ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ | ᠦᠢᠯᠡᠴᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠷ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ | ᠲᠠᠢ ᠰᠢᠩ ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ 3.868 ᠳ᠋ᠦᠩᠰᠢᠭᠤᠷ ᠲᠥᠭᠦᠷᠢᠭ᠂ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠨᠢ | 27 ᠰᠠᠷ᠎ᠠ᠂ 2025 ᠣᠨ ᠳᠤ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠭᠤᠣᠯ ᠵᠢᠰᠢᠬᠦᠦ ᠬᠤᠳᠳᠤᠭ᠂ ᠳᠡᠳ᠋ ᠵᠢᠰᠢᠬᠦᠦ ᠬᠤᠳᠳᠤᠭ᠂ ᠠᠯᠪᠠᠨ ᠠᠰᠠᠷ ᠵᠡᠷᠭᠡ ᠪᠠᠷᠢᠯᠭ᠎ᠠ ᠶᠢ ᠪᠡᠶᠡᠯᠡᠭᠦᠯᠵᠦ᠂ | ᠶᠡᠷᠦᠩᠬᠡᠢ ᠪᠠᠷᠢᠯᠭ᠎ᠠ ᠶᠢᠨ ᠬᠡᠮᠵᠢᠶ᠎ᠡ ᠶᠢᠨ 45% ᠶᠢ ᠪᠡᠶᠡᠯᠡᠭᠦᠯᠦᠨ᠎ᠡ᠃ 2026 ᠣᠨ ᠳᠤ 1.5 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠬᠤᠳᠳᠤᠭ ᠳᠣᠤᠷᠠᠬᠢ ᠲᠥᠪ ᠤᠨ ᠴᠠᠬᠢᠯᠭᠠᠨ | ᠬᠤᠪᠢᠰᠬᠠᠬᠤ ᠭᠠᠵᠠᠷ᠂ ᠲᠥᠪ ᠤᠨ ᠤᠰᠤᠨ ᠬᠥᠮᠥᠷᠭᠡ᠂ ᠲᠡᠭᠡᠭᠡᠪᠦᠷᠢ ᠶᠢᠨ ᠲᠣᠮᠣ ᠭᠤᠳᠤᠮᠵᠢ᠂ ᠠᠩᠬ᠎ᠠ ᠮᠠᠯᠲᠠᠬᠤ | ᠠᠵᠢᠯ ᠤᠨ ᠲᠠᠯᠠᠪᠠᠢ ᠵᠡᠷᠭᠡ ᠢᠨᠵᠧᠨᠧᠷᠢᠩ ᠤᠨ ᠡᠭᠦᠷᠭᠡ ᠶᠢ ᠪᠡᠶᠡᠯᠡᠭᠦᠯᠵᠦ᠂ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢ | 100 % ᠪᠠᠷ ᠪᠡᠶᠡᠯᠡᠭᠦᠯᠦᠨ᠎ᠡ᠃ 2027 ᠣᠨ ᠳᠤ 1.168 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ᠂ ᠶᠡᠷᠦᠩᠬᠡᠶᠢᠯᠡᠨ ᠮᠠᠯᠲᠠᠬᠤ ᠠᠵᠢᠯ ᠤᠨ ᠭᠠᠳᠠᠷᠭᠤ ᠶᠢ ᠤᠭᠰᠠᠷᠠᠬᠤ ᠢᠨᠵᠧᠨᠧᠷᠢᠩ ᠢ | ᠪᠡᠶᠡᠯᠡᠭᠦᠯᠬᠦ ᠶᠢᠨ ᠬᠠᠮᠲᠤ ᠬᠠᠮᠲᠤᠷᠠᠨ ᠲᠤᠷᠰᠢᠨ ᠠᠵᠢᠯᠯᠠᠭᠤᠯᠵᠤ᠂ 2027 ᠣᠨ ᠤ 5 ᠰᠠᠷ᠎ᠠ ᠶᠢᠨ ᠰᠡᠭᠦᠯᠴᠢ ᠠᠴᠠ | ᠡᠮᠦᠨ᠎ᠡ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠦᠨ᠎ᠡ᠃ | | |