12 ᠰᠠᠷ᠎ᠠ ᠶᠢᠨ 30 ᠤ ᠡᠳᠦᠷ᠂ ᠮᠠᠨᠳᠤᠯ ᠰᠤᠮᠤᠨ ᠤ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 13 ᠳ᠋ᠤᠭᠠᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠹᠠᠨ ᠬᠠᠶ ᠶᠠᠩ ᠬᠤᠷᠠᠯ ᠢ ᠡᠷᠭᠢᠯᠡᠪᠡ᠃ | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ | ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ | ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ᠂ 12 ᠰᠠᠷ᠎ᠠ ᠶᠢᠨ 13 ᠤ ᠡᠳᠦᠷ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠲᠣᠪᠴᠢ ᠶᠢ | ᠲᠥᠪᠯᠡᠷᠡᠭᠦᠯᠦᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ︽ᠠᠷᠠᠳ ᠤᠨ | ᠡᠳᠦᠷ ᠤᠨ ᠰᠣᠨᠢᠨ︾ ᠳᠤ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠦᠯᠯᠡᠷᠭᠡᠭᠵᠢᠯ ᠢ ᠵᠠᠰᠠᠬᠤ | ᠰᠢᠨ᠎ᠡ ᠵᠠᠮ ᠢ ᠬᠠᠶᠢᠨ ᠰᠦᠪᠡᠭᠴᠢᠯᠡᠵᠦ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠦᠨᠡᠨ ᠬᠦ ᠪᠠᠲᠤ ᠴᠣᠭᠴᠠᠯᠠᠬᠤ ᠬᠡᠷᠡᠭᠲᠡᠶ︾᠂ ︽ᠰᠤᠮᠤ ᠰᠢᠶᠠᠩ ᠪᠠᠯᠭᠠᠰᠤᠨ ᠤ | ᠨᠠᠮ ᠤᠨ ᠬᠤᠷᠢᠶᠠᠨ ᠤ ᠠᠵᠢᠯ ᠤᠨ ᠠᠷᠭ᠎ᠠ︾ ︵ᠲᠤᠷᠰᠢᠨ ᠬᠡᠷᠡᠭᠵᠢᠭᠦᠯᠬᠦ︶᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠨᠡᠶᠢᠲᠡᠯᠡᠪᠡ᠃ | ᠬᠤᠷᠠᠯ ᠠᠴᠠ᠂ ᠪᠥᠬᠦ ᠰᠤᠮᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠡᠷᠬᠡᠪᠰᠢ ᠪᠠᠲᠤ ᠡᠵᠡᠮᠰᠢᠵᠤ᠂ ᠢᠮᠠᠭᠲᠠ ᠪᠠᠲᠤ ᠰᠠᠬᠢᠬᠤ ᠴᠢᠬᠤᠯᠠ ᠶᠡᠭᠡ ᠵᠠᠷᠴᠢᠮ ᠮᠥᠨ︾ ᠭᠡᠳᠡᠭ ᠢ ᠨᠠᠷᠢᠨ | ᠬᠢᠨᠠᠮᠠᠭᠠᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡᠨ ᠡᠭᠦᠷᠭᠡᠲᠦ | ᠰᠡᠳᠭᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ᠂ ᠬᠦᠴᠢᠷ ᠢ | ᠰᠥᠷᠥᠨ ᠤᠷᠤᠭᠰᠢᠯᠠᠬᠤ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠬᠥᠭᠵᠢᠯᠲᠡ ᠶᠢᠨ ᠰᠢᠨ᠎ᠡ | ᠣᠷᠣᠨ ᠵᠠᠶ ᠶᠢ ᠴᠢᠷᠮᠠᠶᠢᠨ ᠨᠡᠭᠡᠭᠡᠬᠦ ᠬᠡᠷᠡᠭᠲᠡᠶ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ | ᠳᠤᠷᠠᠳᠤᠭᠰᠠᠨ ︽ᠲᠠᠪᠤ ᠶᠢ ᠨᠢᠭᠡᠳᠦᠯᠲᠡᠢ ᠲᠥᠯᠥᠪᠵᠢᠭᠦᠯᠬᠦ︾ ᠪᠠ ︽ᠶᠢᠰᠦᠨ ᠵᠦᠢᠯ ᠤᠨ ᠭᠤᠣᠯᠳᠠᠯᠭ᠎ᠠ ᠲᠠᠢ | ᠡᠭᠦᠷᠭᠡ︾ ᠶᠢᠨ ᠪᠣᠳᠠᠲᠠᠢ ᠠᠭᠤᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠴᠢᠷᠮᠠᠶᠢᠵᠤ᠂ ᠳᠡᠭᠡᠳᠦ ᠱᠠᠲᠤᠨ ᠤ | ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ︽ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ ᠠᠵᠢᠯ ᠤᠨ ᠠᠷᠭ᠎ᠠ︾ ᠶᠢ | ᠬᠢᠨᠠᠮᠠᠭᠠᠶ ᠲᠤᠭᠤᠰᠢᠯᠠᠭᠤᠯᠤᠨ᠂ ᠰᠤᠮᠤ ᠰᠢᠶᠠᠩ ᠪᠠᠯᠭᠠᠰᠤ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ | ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠲᠠᠷᠢᠶᠠᠯᠠᠬᠤ ᠮᠠᠯᠵᠢᠬᠤ ᠣᠷᠣᠨ ᠳᠠᠬᠢ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠦ᠂ | ᠠᠵᠢᠯ ᠤᠨ ᠠᠮᠵᠢᠯᠲᠠ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠰᠤᠮᠤᠨ ᠤ ᠡᠯ᠎ᠡ | ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠬᠤ ᠬᠡᠷᠡᠭᠲᠡᠶ᠃ |