ᠠᠯᠳ᠋ᠬᠠᠣᠪᠣᠭ᠎ᠠ ᠪᠠᠯᠭᠠᠰᠤ ᠵᠡᠭᠡᠯᠢ ᠭᠤᠳᠤᠮᠵᠢ ᠶᠢᠨ ᠰᠠᠭᠤᠷᠢ ᠲᠥᠬᠦᠭᠡᠷᠦᠮᠵᠢ ᠶᠢ ᠰᠢᠨᠡᠳᠭᠡᠨ ᠵᠠᠰᠠᠵᠤ ᠤᠯᠠᠨ ᠲᠦᠮᠡᠨ ᠤ ︽ᠵᠣᠯ ᠵᠢᠷᠭᠠᠯ ᠤᠨ ᠵᠠᠮ︾ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2024/6/11
    ᠠᠯᠳ᠋ᠬᠠᠣᠪᠣᠭ᠎ᠠ  ᠪᠠᠯᠭᠠᠰᠤ᠂ ᠪᠠᠯᠭᠠᠰᠣᠨ   ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠠᠯᠭᠠᠰᠤᠨ ᠤ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠪᠠᠯᠭᠠᠰᠤᠨ ᠤ ᠲᠣᠭᠤᠷᠢᠭ ᠤᠨ ᠤᠤᠯ ᠤᠨ ᠵᠠᠮ ᠤᠨ ᠳ᠋ᠧᠩ ᠬᠠᠭᠤᠴᠢᠷᠠᠵᠤ᠂  ᠡᠪᠳᠡᠷᠡᠭᠰᠡᠨ ᠵᠡᠷᠭᠡ ᠰᠢᠯᠲᠠᠭᠠᠨ ᠠᠴᠠ ᠪᠣᠯᠵᠤ ᠰᠥᠨᠢ ᠪᠠᠷ ᠭᠡᠷᠡᠯᠲᠦᠭᠦᠯᠬᠦ ᠦᠭᠡᠢ ᠪᠠᠶᠢᠳᠠᠯ ᠢ ᠰᠢᠢᠳᠪᠦᠷᠢᠯᠡᠬᠦ ᠶᠢᠨ ᠲᠥᠯᠥᠭᠡ᠂ ᠠᠯᠳ᠋ᠬᠠᠣᠪᠣᠭ᠎ᠠ ᠪᠠᠯᠭᠠᠰᠤ 4 ᠰᠠᠷ᠎ᠠ ᠠᠴᠠ ᠡᠬᠢᠯᠡᠨ ᠪᠠᠯᠭᠠᠰᠤᠨ ᠤ ᠵᠠᠮ ᠤᠨ ᠳ᠋ᠧᠩ ᠢ ᠰᠣᠯᠢᠬᠤ ᠢᠨᠵᠧᠨᠧᠷᠢᠩ ᠢ ᠬᠡᠷᠡᠭᠵᠢᠭᠦᠯᠪᠡ᠃
1.png
    2016 ᠣᠨ ᠤ ︽ᠲᠠᠪᠤᠨ ᠲᠣᠰᠬᠤᠨ ᠬᠠᠮᠲᠤᠷᠠᠨ ᠪᠠᠶᠢᠭᠤᠯᠬᠤ︾ ᠲᠥᠷᠥᠯ  ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠪᠥᠬᠦ ᠪᠠᠯᠭᠠᠰᠤᠨ ᠤ ᠶᠡᠬᠡᠩᠬᠢ ᠮᠠᠯᠴᠢᠨ ᠲᠠᠷᠢᠶᠠᠴᠢᠨ ᠢ ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠴᠠᠭᠠᠨ ᠨᠢᠷᠤᠭᠤ ᠭᠠᠴᠠᠭ᠎ᠠ ᠳᠤ ᠨᠡᠭᠦᠯᠭᠡᠨ ᠣᠷᠣᠰᠢᠨ ᠠᠮᠢᠳᠤᠷᠠᠭᠤᠯᠵᠤ᠂ ᠣᠳᠣᠬᠠᠨ ᠳᠤ ᠪᠠᠯᠭᠠᠰᠤᠨ ᠤ ᠲᠣᠭᠤᠷᠢᠭ ᠲᠤ ᠨᠡᠶᠢᠲᠡ 156 ᠪᠠᠶᠢᠩᠭᠤ ᠰᠠᠭᠤᠭ᠎ᠠ ᠬᠥᠮᠦᠨ ᠠᠮᠠ ᠲᠠᠢ᠃ ᠣᠶᠢᠷ᠎ᠠ ᠶᠢᠨ ᠵᠢᠯ ᠳᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠳᠠᠭᠠᠯᠳᠤᠨ ᠂ ᠪᠠᠯᠭᠠᠰᠤᠨ ᠤ ᠲᠣᠭᠤᠷᠢᠭ ᠤᠨ ᠠᠮᠢᠳᠤᠷᠠᠯ ᠤᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠲᠣᠰ ᠤᠳᠠᠭᠠᠨ ᠤ ᠪᠠᠯᠭᠠᠰᠤᠨ ᠤ ᠭᠡᠷᠡᠯᠲᠦᠭᠦᠯᠭᠡ ᠶᠢᠨ ᠵᠠᠮ ᠤᠨ ᠳ᠋ᠧᠩ ᠢ ᠰᠣᠯᠢᠬᠤ ᠲᠥᠷᠥᠯ ᠵᠦᠢᠯ᠂ ᠪᠠᠯᠭᠠᠰᠤᠨ ᠤ ᠭᠤᠤᠯ ᠵᠠᠮ ᠤᠨ ᠳ᠋ᠧᠩ ᠢ ᠪᠥᠬᠦ ᠲᠠᠯ᠎ᠠ ᠪᠠᠷ ᠰᠢᠨᠡᠳᠬᠡᠵᠦ᠂ ᠪᠠᠯᠭᠠᠰᠤᠨ ᠤ ᠣᠯᠠᠨ ᠲᠦᠮᠡᠨ ᠤ ᠰᠥᠨᠢ ᠪᠠᠷ ᠭᠠᠳᠠᠭᠰᠢ ᠭᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃
2.png
     ᠵᠠᠮ ᠤᠨ ᠳ᠋ᠧᠩ ᠢ ᠰᠢᠨᠡᠳᠬᠡᠨ ᠵᠠᠰᠠᠵᠤ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ  ᠰᠠᠶᠢᠵᠢᠷᠠᠭᠤᠯᠣᠭᠰᠠᠨ ᠨᠢ᠂ ᠮᠠᠯᠴᠢᠨ ᠲᠠᠷᠢᠶᠠᠴᠢᠨ  ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠠᠯᠳ᠋ᠬᠠᠣᠪᠣᠭ᠎ᠠ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠨᠬᠦ ᠠᠬᠢᠭᠤᠯᠵᠤ᠂ ᠪᠦᠬᠦ ᠪᠠᠯᠭᠠᠰᠤᠨ ᠤ ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃
3.png
       
 
ᠢᠷᠡᠯᠲᠡ᠄ ᠦᠵᠡᠰᠭᠦᠯᠡᠩᠲᠤ ᠰᠠᠶᠢᠬᠠᠨ ᠠᠯᠠᠱᠠᠨ ᠪᠠᠷᠠᠭᠤᠨ ᠬᠤᠰᠢᠭᠤ ᠲᠠᠪᠴᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号