7 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠢᠶᠠᠩ ᠪᠢᠩ ᠵᠢᠶᠧ ᠠᠯᠲᠠᠨᠴᠤᠭ ᠰᠤᠮᠤᠨ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ᠂ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠵᠡᠷᠭᠡ | ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ | ᠠᠯᠠᠱᠠ ᠪᠠᠷᠠᠭᠤᠨ ᠬᠤᠰᠢᠭᠤᠨ ᠤ ᠪᠠᠳᠠᠢ ᠱᠧᠨ ᠴᠢᠤᠸᠠᠨ ᠢᠳᠡᠭᠡᠨ ᠤ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ᠂ ᠵᠢᠶᠠᠩ ᠪᠢᠩ ᠵᠢᠶᠧ ᠮᠠᠩᠬᠠᠨ ᠠᠶᠢᠯ ᠤᠨ ᠷᠠᠰᠢᠶᠠᠨ ᠤᠰᠤᠨ ᠤ | ᠦᠢᠯᠡᠳᠪᠦᠷᠢᠯᠡᠯ ᠤᠨ ᠱᠤᠭᠤᠮ ᠢ ᠪᠠᠶᠢᠴᠠᠭᠠᠨ ᠦᠵᠡᠵᠦ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠵᠢᠴᠢ ᠲᠤᠨᠤᠭ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ | ᠲᠦᠷᠦᠯ ᠲᠡᠮᠳᠡᠭ ᠤᠨ ᠰᠡᠳᠬᠢᠬᠦᠢ᠂ ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ | ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠳᠬᠦᠨ ᠤ ᠪᠣᠭᠤᠳᠠᠯ | ᠪᠠᠭᠯᠠᠭ᠎ᠠ ᠶᠢ ᠬᠦᠴᠦᠯᠡᠨ ᠰᠢᠨᠡᠳᠬᠡᠵᠦ ᠲᠡᠰ ᠳᠡᠪᠰᠢᠭᠦᠯᠵᠦ᠂ ᠲᠦᠷᠦᠯ ᠲᠡᠮᠳᠡᠭ ᠤᠨ ᠰᠢᠨ᠎ᠡ ᠶᠢ ᠡᠭᠦᠳᠬᠦ ᠪᠠ ᠶᠠᠰᠤ | ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠤᠰ ᠪᠡᠶ᠎ᠡ ᠶᠢᠨ ᠦᠢᠯᠡᠳᠪᠦᠷᠢᠯᠡᠯ ᠤᠨ ᠴᠢᠳᠠᠪᠤᠷᠢ ᠪᠠᠨ | ᠲᠣᠭᠲᠠᠭᠤᠨ ᠢᠶᠠᠷ ᠳᠡᠭᠡᠭᠰᠢᠯᠡᠭᠦᠯᠵᠦ᠂ ︽ᠮᠠᠩᠬᠠᠨ ᠠᠶᠢᠯ︾ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ | ᠦᠷᠭᠦᠯᠵᠢᠯᠡᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ | ᠠᠬᠤᠶᠢᠯᠠᠯ ᠤᠨ ᠦᠢᠯᠡᠳᠪᠦᠷᠢᠯᠡᠯ ᠪᠠ ᠣᠯᠠᠨ ᠲᠦᠮᠡᠨ ᠤ ᠤᠰᠤ ᠬᠡᠷᠡᠭᠯᠡᠬᠦ ᠬᠤᠭᠤᠷᠣᠨᠳᠣᠬᠢ ᠬᠠᠩᠭᠠᠯᠭ᠎ᠠ ᠶᠢᠨ | ᠲᠡᠩᠴᠡᠭᠦᠷᠢ ᠶᠢ ᠰᠠᠶᠢᠲᠤᠷ ᠰᠢᠢᠳᠪᠦᠷᠢᠯᠡᠵᠦ᠂ ᠰᠤᠮᠤᠨ ᠤ ᠰᠠᠭᠤᠭ᠎ᠠ ᠭᠠᠵᠠᠷ ᠤᠨ ᠤᠰᠤ ᠬᠠᠩᠭᠠᠬᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠰᠦᠪᠡᠭᠴᠢᠯᠡᠵᠦ᠂ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢᠨ ᠴᠢᠳᠠᠪᠤᠷᠢ ᠶᠢ ᠯᠠᠪᠳᠠᠭᠤᠨ ᠪᠠᠲᠤᠲᠠᠶ ᠳᠡᠭᠡᠭᠰᠢᠯᠡᠭᠦᠯᠬᠦ ᠬᠡᠷᠡᠭᠲᠡᠶ᠃ | | | | | ᠥᠪᠥᠷ ᠮᠣᠩᠭᠤᠯ ᠤᠨ ᠲᠦᠸᠧ ᠵᠢᠶᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠵᠢᠶᠠᠩ ᠪᠢᠩ ᠵᠢᠶᠧ ᠠᠵᠤ ᠠᠬᠤᠶᠢᠯᠠᠯ ᠤᠨ ᠡᠪᠡᠰᠦ | ᠪᠣᠷᠳᠣᠭᠠᠨ ᠤ ᠬᠥᠮᠥᠷᠭᠡ ᠵᠢᠴᠢ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠵᠦ᠂ | ᠵᠠᠰᠠᠭ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠵᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ | ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠬᠦ ᠨᠥᠭᠡᠴᠡᠯᠡᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢᠨ ᠠᠵᠢᠯᠯᠠᠭ᠎ᠠ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ | ᠭᠠᠩ ᠬᠠᠭᠰᠠᠷᠠᠭᠠᠨ ᠲᠠᠢ ᠲᠡᠮᠡᠴᠡᠬᠦ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠡᠪᠡᠰᠦ ᠪᠣᠷᠳᠤᠭ᠎ᠠ ᠰᠢᠯᠵᠢᠭᠦᠯᠦᠨ | ᠵᠥᠭᠡᠭᠡᠪᠦᠷᠢᠯᠡᠬᠦ ᠪᠠ ᠨᠥᠭᠡᠴᠡᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠵᠠᠭᠪᠤᠷ ᠢ | ᠦᠷᠭᠦᠯᠵᠢᠯᠡᠨ ᠪᠦᠷᠢᠨᠰᠢᠬᠦᠯᠵᠦ᠂ ᠡᠪᠡᠰᠦ ᠪᠣᠷᠳᠤᠭ᠎ᠠ ᠶᠢᠨ ᠬᠥᠳᠡᠯᠦᠩᠭᠦᠶ ᠡᠭᠡᠯᠵᠢᠯᠡᠨ ᠰᠣᠯᠢᠬᠤ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠬᠤᠳᠠᠯᠳᠤᠨ ᠠᠪᠬᠤ | ᠦᠨ᠎ᠡ ᠬᠠᠩᠰᠢ᠂ ᠲᠡᠭᠡᠭᠡᠪᠦᠷᠢ ᠶᠢᠨ ᠵᠠᠷᠤᠳᠠᠯ ᠵᠡᠷᠭᠡ ᠨᠥᠬᠦᠪᠥᠷᠢ ᠶᠢᠨ ᠲᠦᠷᠢᠮ ᠢ ᠨᠠᠷᠢᠯᠢᠬᠵᠢᠭᠤᠯᠵᠤ᠂ ᠪᠥᠬᠦ | ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠵᠦ ᠮᠠᠯ ᠠᠵᠤ ᠠᠬᠤᠶ ᠶᠢ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠪᠠᠴᠢᠮ ᠶᠠᠪᠤᠳᠠᠯ ᠢ | ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | | | | | ᠳᠠᠷᠠᠭ᠎ᠠ ᠨᠢ᠂ ᠵᠢᠶᠠᠩ ᠪᠢᠩ ᠵᠢᠶᠧ ᠬᠤᠯᠪᠣᠭᠳᠠᠯ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠵᠢᠴᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ | ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠵᠢᠶᠠᠩ ᠪᠢᠩ ᠵᠢᠶᠧ ᠬᠡᠯᠡᠬᠦ ᠳᠡᠭᠡᠨ᠂ ᠬᠤᠯᠪᠣᠭᠳᠠᠯ ᠪᠥᠬᠦᠶ | ᠠᠵᠤ ᠠᠬᠤᠶᠢᠯᠠᠯ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠪᠠᠶᠢᠷᠢᠰᠢᠯ ᠤᠨ ᠬᠠᠷᠠᠭ᠎ᠠ ᠪᠠᠨ ᠥᠷᠭᠡᠳᠬᠡᠨ᠂ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠᠨ ᠲᠠᠰᠤᠷᠠᠯᠲᠠ | ᠥᠬᠡᠶ ᠴᠢᠩᠭᠠᠳᠬᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠪᠠᠨ | ᠴᠠᠭ ᠲᠤᠬᠠᠶ ᠳᠤᠨᠢ ᠰᠢᠨᠡᠳᠬᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ | ᠶᠠᠰᠤ ᠴᠢᠨᠠᠷ ᠤᠨ ᠠᠮᠤᠷ ᠲᠦᠪᠰᠢᠨ ᠤ ᠡᠵᠡᠮᠳᠡᠯ ᠢ ᠴᠢᠩᠭᠠᠳᠬᠠᠵᠤ᠂ ᠥᠪᠡᠷ ᠤᠨ ᠦᠢᠯᠡᠳᠬᠦᠨ ᠤ ᠳᠠᠪᠠᠭᠤᠯᠢᠭ ᠢᠶᠠᠨ | ᠰᠠᠶᠢᠲᠤᠷ ᠤᠬᠠᠭᠤᠯᠵᠤ᠂ ᠠᠵᠤ ᠠᠬᠤᠶᠢᠯᠠᠯ ᠤᠨ ᠥᠷᠢᠰᠥᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ | ᠨᠣᠷᠮ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠶ᠃ ᠡᠭᠦᠨ ᠤ ᠬᠠᠮᠲᠤ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠠᠯᠠᠱᠠ ᠪᠠᠷᠠᠭᠤᠨ | ᠬᠤᠰᠢᠭᠤᠨ ᠤ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠯᠡ᠃ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠠᠷᠢᠶ᠎ᠠ | ᠭᠠᠵᠠᠷ ᠤᠨ ᠰᠤᠮᠤ ᠪᠠᠯᠭᠠᠰᠤ ᠰᠡᠳᠬᠢᠯ ᠳᠡᠯᠪᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠬᠥᠭᠵᠢᠯᠲᠡ ᠶᠢ ᠳᠡᠮᠵᠢᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠠᠵᠤ | ᠠᠬᠤᠶᠢᠯᠠᠯ ᠤᠨ ᠨᠠᠷᠢᠯᠢᠬᠵᠢᠭᠤᠯᠤᠭᠰᠠᠨ ᠦᠢᠯᠡᠴᠢᠯᠡᠭᠡᠨ ᠤ ᠵᠢᠯᠣᠭᠤᠳᠬᠤ ᠡᠯ᠎ᠡ ᠵᠦᠢᠯ ᠤᠨ ᠠᠵᠢᠯ ᠢ ᠰᠠᠶᠢᠲᠤᠷ | ᠬᠢᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠭᠤᠤᠯ ᠠᠵᠢᠯ ᠢᠶᠠᠨ ᠬᠦᠴᠦᠷᠬᠡᠭᠵᠢᠭᠦᠯᠬᠦ᠂ ᠵᠠᠬ᠎ᠠ | ᠳᠡᠯᠭᠡᠭᠦᠷ ᠢᠶᠠᠨ ᠥᠷᠭᠡᠳᠬᠡᠬᠦ ᠳᠤ ᠥᠨᠳᠥᠷ ᠪᠦᠲᠦᠮᠵᠢᠲᠡᠶ ᠳᠥᠭᠦᠮ ᠳᠥᠲᠡ ᠬᠥᠭᠵᠢᠯᠲᠡ ᠶᠢᠨ ᠣᠷᠴᠢᠨ | ᠲᠣᠭᠤᠷᠢᠨ ᠢ ᠬᠠᠩᠭᠠᠬᠤ ᠬᠡᠷᠡᠭᠲᠡᠶ ᠭᠡᠪᠡ᠃ | | | |