ᠬᠤᠰᠢᠭᠤᠨ ᠤ ᠵᠠᠰᠠᠭ ᠤᠨ ᠤᠷᠳᠤᠨ ᠤ ᠶᠡᠭᠡ ᠬᠡᠷᠡᠭ ᠶᠠᠪᠤᠳᠠᠯ ︵ᠬᠤᠶᠠᠳᠣᠭᠠᠷ ᠤᠯᠠᠷᠢᠯ︶
ᠨᠡᠶᠢᠲᠡᠯᠡᠭᠰᠡᠨ ᠴᠠᠭ᠄
2024/7/23
     ᠵᠢᠶᠠᠩ ᠪᠢᠩ ᠵᠢᠶᠧ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ    ᠯᠢ ᠺᠦᠢ ᠶᠢᠨ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ︵2024 ᠣᠨ ᠤ 6 ᠰᠠᠷ᠎ᠠ ᠳᠤ ᠲᠤᠰᠢᠶᠠᠯ ᠠᠴᠠ ᠪᠠᠨ ᠰᠠᠯᠪᠠ︶    ᠤᠳᠬᠤᠨᠴᠢᠮᠡᠭ᠄  ᠳᠡᠳ᠋ ᠬᠤᠰᠢᠭᠤ ᠳᠠᠷᠤᠭ᠎ᠠ    ᠬᠤᠤ ᠱᠢ ᠸᠧᠶ᠄  ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠶᠧ ᠪᠢᠨ ᠢᠦᠶ ᠄ ᠳᠡᠳ᠋ ᠬᠤᠰᠢᠭᠤ ᠳᠠᠷᠤᠭ᠎ᠠ    ᠫᠠᠨ ᠼᠦᠨ ᠵᠢᠶᠦ᠋ᠨ᠄ ᠳᠡᠳ᠋ ᠬᠤᠰᠢᠭᠤ ᠳᠠᠷᠤᠭ᠎ᠠ    4 ᠰᠠᠷ᠎ᠠ ᠶᠢᠨ 15 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ᠂ ᠬᠤᠰᠢᠭᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 7 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠯᠢ ᠺᠦᠶ ᠶᠢᠨ ᠠᠯᠠᠱᠠ ᠪᠠᠷᠠᠭᠤᠨ ᠬᠤᠰᠢᠭᠤ ᠪᠣᠯᠤᠨ ᠮᠢᠨ ᠴᠢᠨ ᠰᠢᠶᠠᠨ ᠤ ᠾᠧᠰᠢ ᠶᠢᠨ ᠬᠤᠩᠭᠢᠯ -  ᠲᠠᠺᠯᠢᠮᠠᠺᠠᠨ ᠡᠯᠡᠰᠦᠨ ᠴᠦᠯ ᠤᠨ ᠬᠦᠪᠡᠭᠡ  ᠭᠢᠵᠠᠭᠠᠷ ᠤᠷᠣᠨ ᠤ ᠡᠯᠡᠰᠦ ᠶᠢ ᠬᠤᠷᠢᠭᠯᠠᠨ ᠴᠣᠬᠢᠬᠤ ᠳᠠᠶᠢᠨ ᠤ ᠲᠤᠬᠠᠶ ᠣᠷᠣᠨ ᠪᠦᠰᠡ ᠠᠯᠤᠰᠯᠠᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠮᠲᠤᠷᠠᠭᠰᠠᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠤᠨ ᠶᠣᠰᠣᠯᠠᠯ ᠳᠤ ᠭᠠᠷ ᠤᠨ ᠦᠰᠦᠭ ᠵᠢᠷᠤᠭᠰᠠᠨ ᠪᠥᠭᠡᠳ ᠭᠠᠷ ᠤᠨ ᠦᠰᠦᠭ ᠵᠢᠷᠤᠪᠠ᠃ ᠫᠠᠨ ᠼᠦᠨ ᠵᠢᠶᠦ᠋ᠨ ᠪᠥᠬᠦ ᠠᠶᠢᠮᠠᠭ ᠤᠨ ᠰᠣᠶᠣᠯ ᠵᠢᠭᠤᠯᠴᠢᠯᠠᠯ ᠤᠨ ᠬᠠᠪᠤᠷ ᠵᠤᠨ ᠤ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠵᠤ᠂ ᠠᠯᠠᠱᠠ ᠪᠠᠷᠠᠭᠤᠨ ᠬᠤᠰᠢᠭᠤᠨ ᠤ 2024 ᠣᠨ ᠤ ᠰᠣᠶᠣᠯ ᠵᠢᠭᠤᠯᠴᠢᠯᠠᠯ ᠤᠨ ᠠᠵᠢᠯ ᠢ ᠬᠠᠷᠢᠭᠤ ᠮᠡᠳᠡᠭᠦᠯᠪᠡ᠃    4 ᠳ᠋ᠦ᠋ᠭᠡᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠫᠠᠨ ᠼᠦᠨ ᠵᠢᠶᠦ᠋ᠨ ᠥᠪᠡᠷᠲᠡᠭᠡᠨ ᠵᠠᠰᠠᠬᠤ ᠣᠷᠣᠨ ᠳᠤ ᠬᠦᠷᠴᠦ᠂ ᠠᠶᠢᠮᠠᠭ ᠤᠨ ᠵᠠᠬᠢᠷᠭ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠣᠯᠭᠠᠭᠤᠯᠬᠤ ᠭᠤᠤᠯᠳᠠᠯᠭ᠎ᠠ ᠲᠠᠢ ᠠᠵᠢᠯ ᠢᠶᠠᠨ ᠬᠠᠷᠢᠭᠤ ᠮᠡᠳᠡᠭᠦᠯᠪᠡ᠃    4 ᠰᠠᠷ᠎ᠠ ᠶᠢᠨ 24 ᠤ ᠡᠳᠦᠷ ᠠᠴᠠ 28 ᠤ ᠡᠳᠦᠷ ᠪᠣᠯᠲᠠᠯ᠎ᠠ᠂ ᠫᠠᠨ ᠼᠦᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠤ ᠬᠦᠷᠴᠦ ᠭᠤᠤᠯᠳᠠᠯᠭ᠎ᠠ ᠲᠠᠢ ᠠᠵᠢᠯ ᠢ ᠵᠣᠯᠭᠠᠭᠤᠯᠪᠠ᠃    5 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠵᠢᠶᠠᠩ ᠪᠢᠩ ᠵᠢᠶᠧ 2024 ᠤᠨ ᠤ  ᠬᠡᠭᠡᠷᠡᠯᠡᠨ ᠠᠶᠠᠯᠠᠬᠤ e ᠠᠩᠭᠢ ᠶᠢᠨ ᠪᠠᠳᠠᠶ ᠶᠢᠨ ᠲᠦᠷᠦᠭᠦᠴᠦᠳ ᠤᠨ ᠬᠤᠷᠠᠯ ᠤᠨ ᠰᠢᠷᠢᠰ ᠠᠵᠢᠯᠯᠠᠭ᠎ᠠ ᠵᠢᠴᠢ ᠪᠠᠳᠠᠢ ᠶᠢᠨ 100 ᠰᠢᠷᠢᠰ ᠤᠷᠤᠯᠳᠤᠭᠠᠨ ᠤ ᠬᠤᠭᠤᠴᠠᠭᠠᠨ ᠳᠠᠬᠢ ᠦᠢᠯᠡᠴᠢᠯᠡᠭᠡᠨ ᠤ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃ ᠬᠤᠤ ᠱᠢ ᠸᠧᠢ 2024 ᠣᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠳᠠᠶ ᠶᠢᠨ ᠲᠦᠷᠦᠭᠦᠴᠦᠳ ᠤᠨ ᠬᠤᠷᠠᠯ ᠤᠨ ᠰᠢᠷᠢᠰ ᠤᠷᠤᠯᠳᠤᠭᠠᠨ ᠤ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃ ᠫᠠᠨ ᠼᠦᠨ ᠵᠢᠶᠦ᠋ᠨ 2024 ᠭᠡᠭᠡᠷᠡᠯᠡᠨ ᠠᠶᠠᠯᠠᠬᠤ e ᠠᠩᠭᠢ ᠶᠢᠨ ᠪᠠᠳᠠᠢ ᠶᠢᠨ ᠲᠦᠷᠦᠭᠦᠴᠦᠳ ᠤᠨ ᠬᠤᠷᠠᠯ ᠤᠨ ᠰᠢᠷᠢᠰ ᠠᠵᠢᠯᠯᠠᠭ᠎ᠠ ᠵᠢᠴᠢ ᠪᠠᠳᠠᠢ ᠶᠢᠨ 100 ᠰᠢᠷᠢᠰ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠠᠵᠢᠯᠯᠠᠭ᠎ᠠ ᠶᠢᠨ ᠪᠠᠲᠤᠯᠠᠪᠤᠷᠢ ᠶᠢᠨ ᠠᠵᠢᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠣᠭᠤᠳᠴᠤ᠂ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃    5 ᠰᠠᠷ᠎ᠠ ᠶᠢᠨ 7 ᠤ ᠡᠳᠦᠷ᠂ ᠵᠢᠶᠠᠩ ᠪᠢᠩ ᠵᠢᠶᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠬᠠᠶ ᠶᠢᠨ ᠲᠠᠯᠠᠪᠠᠶ ᠶᠢ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠴᠧᠨ ᠵᠢᠶᠠ ᠵᠢᠩ ᠤᠰᠤᠯᠠᠯᠲᠠ ᠶᠢᠨ ᠣᠷᠣᠨ ᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠲᠤᠬᠠᠶ ᠶᠢᠨ ᠲᠠᠯᠠᠪᠠᠶ ᠶᠢ ᠰᠢᠯᠭᠠᠨ ᠠᠪᠬᠤ ᠠᠵᠢᠯ ᠢ ᠥᠷᠨᠢᠭᠦᠯᠵᠦ᠂ ᠯᠢ ᠺᠦᠢ ᠶᠢᠨ ᠪᠠᠷ᠎ᠠ ᠪᠣᠯᠵᠣ ᠰᠢᠯᠭᠠᠨ  ᠪᠠᠶᠢᠴᠠᠭᠠᠭᠰᠠᠨ ᠪᠠᠶᠢᠨ᠎ᠠ᠃    5 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠫᠠᠨ ᠼᠦᠨ ᠵᠢᠶᠦ᠋ᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠳᠤ ᠬᠦᠷᠴᠦ ᠬᠠᠮᠢᠶ᠎ᠠ ᠪᠦᠬᠦᠢ ᠠᠵᠢᠯ ᠢᠶᠠᠨ ᠬᠠᠷᠢᠭᠤ ᠮᠡᠳᠡᠭᠦᠯᠪᠡ᠃    5 ᠳ᠋ᠤᠭᠠᠷ ᠰᠠᠷ᠎ᠠ ᠶᠢᠨ 20 ᠤ ᠡᠳᠦᠷ ᠠᠴᠠ 23 ᠤ ᠡᠳᠦᠷ ᠪᠣᠯᠲᠠᠯ᠎ᠠ᠂ ᠯᠢ ᠺᠦᠶ ᠶᠢᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠳᠤ ᠬᠦᠷᠴᠦ ᠭᠤᠤᠯᠳᠠᠯᠭ᠎ᠠ ᠲᠠᠢ ᠠᠵᠢᠯ ᠢ ᠵᠣᠯᠭᠠᠭᠤᠯᠪᠠ᠃    5 ᠰᠠᠷ᠎ᠠ ᠶᠢᠨ 28 ᠤ ᠡᠳᠦᠷ ᠠᠴᠠ 31 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠮᠢᠲᠠᠨ ᠤ ᠡᠷᠡᠭᠦᠯ ᠬᠠᠮᠠᠭᠠᠯᠠᠯ ᠬᠢᠭᠡᠳ ᠲᠠᠬᠤᠯ ᠡᠪᠡᠳᠴᠢᠨ ᠤ ᠰᠤᠳᠤᠯᠤᠯ ᠤᠨ ᠲᠥᠪ ᠤᠨ ᠳᠡᠳ᠋ ᠡᠷᠬᠢᠯᠡᠭᠴᠢ ᠸᠠᠩ ᡁᠢ ᠯᠢᠶᠠᠩ ᠨᠠᠷ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ ᠬᠢᠵᠢᠭᠲᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠶᠧ ᠪᠢᠨ ᠢᠦᠶ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    6 ᠳ᠋ᠤᠭᠠᠷ ᠰᠠᠷ᠎ᠠ ᠶᠢᠨ 3 ᠤ ᠡᠳᠦᠷ ᠠᠴᠠ 7 ᠤ ᠡᠳᠦᠷ ᠪᠣᠯᠲᠠᠯ᠎ᠠ᠂ ᠯᠢ ᠺᠦᠶ ᠶᠢᠨ ᠠᠶᠢᠮᠠᠭ᠂ ᠥᠪᠡᠷᠲᠡᠭᠡᠨ ᠵᠠᠰᠠᠬᠤ ᠣᠷᠣᠨ ᠳᠤ ᠬᠦᠷᠴᠦ ᠭᠤᠤᠯᠳᠠᠯᠭ᠎ᠠ ᠲᠠᠢ ᠠᠵᠢᠯ ᠢ ᠵᠣᠯᠭᠠᠭᠤᠯᠪᠠ᠃    6 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠤᠳᠬᠠᠨᠴᠢᠮᠡᠭ ᠰᠤᠮᠤᠨ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    6 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠸᠠᠩ ᠳ᠋ᠦᠸᠧ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃    6 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠸᠠᠩ ᠳ᠋ᠦᠸᠧ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠬᠦᠷᠴᠦ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ᠃ ᠶᠧ ᠪᠢᠨ ᠢᠦᠶ ᠠᠶᠢᠮᠠᠭ ᠤᠨ ᠵᠠᠬᠢᠷᠭ᠎ᠠ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠠᠵᠢᠯ ᠵᠤᠯᠭᠠᠭᠤᠯᠪᠠ᠃    6 ᠰᠠᠷ᠎ᠠ ᠶᠢᠨ 24 ᠤ ᠡᠳᠦᠷ ᠠᠴᠠ 28 ᠤ ᠡᠳᠦᠷ ᠪᠣᠯᠲᠠᠯ᠎ᠠ᠂ ᠬᠤᠤ ᠱᠢ ᠸᠧᠶ ᠴᠢᠩᠳᠣᠣ ᠳᠤ ᠪᠥᠬᠦ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃    6 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠬᠦᠷᠴᠦ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠬᠠᠮᠢᠶ᠎ᠠ ᠪᠥᠬᠦᠶ ᠵᠦᠢᠯᠡᠰ ᠢ ᠵᠣᠯᠭᠠᠭᠤᠯᠤᠨ᠎ᠠ᠃    6 ᠳ᠋ᠤᠭᠠᠷ ᠰᠠᠷ᠎ᠠ ᠶᠢᠨ 29 ᠤ ᠡᠳᠦᠷ᠂ ᠸᠠᠩ ᠳ᠋ᠦᠸᠧ ᠠᠯᠠᠱᠠ ᠪᠠᠷᠠᠭᠤᠨ ᠬᠤᠰᠢᠭᠤᠨ ᠤ 2024 ᠣᠨ ᠤ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠪᠠ᠃ ᠶᠧ ᠪᠢᠨ ᠢᠦᠢ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢ ᠵᠣᠯᠭᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃  

       ᠪᠦᠭᠦ ᠠᠭᠤᠯᠭ᠎ᠠ  ᠶᠢ ᠦᠵᠡᠭᠦ᠄ 网址.docx

    

    

    

 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号