ᠵᠢᠶᠠᠩ ᠪᠢᠩ ᠵᠢᠶᠧ ᠠᠯᠲᠠᠨᠴᠤᠭ ᠰᠤᠮᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/19
     8 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠢᠶᠠᠩ ᠪᠢᠩ ᠵᠢᠶᠧ ᠠᠯᠲᠠᠨᠴᠤᠭ ᠰᠤᠮᠤᠨ ᠳᠤ ᠭᠦᠨᠵᠡᠭᠡᠶᠢᠷᠡᠨ᠂ ᠰᠤᠮᠤᠨ ᠤ ᠬᠡᠰᠡᠭ ᠵᠠᠮ ᠤᠨ ᠦᠶᠡᠷ ᠤᠨ ᠤᠰᠤᠨ ᠳᠤ ᠡᠪᠳᠡᠭᠳᠡᠭᠰᠡᠨ ᠪᠠᠶᠢᠳᠠᠯ ᠵᠢᠴᠢ ᠵᠠᠪᠳᠤᠨ ᠵᠠᠰᠠᠬᠤ ᠠᠵᠢᠯ ᠤᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠯᠠᠨ ᠲᠦᠮᠡᠨ ᠤ ᠭᠠᠮᠰᠢᠭᠳᠠᠭᠰᠠᠨ᠂ ᠦᠶᠡᠷ ᠢ ᠰᠡᠷᠭᠡᠶᠢᠯᠡᠨ ᠠᠷᠭᠠᠴᠠᠭᠠᠬᠤ᠂ ᠡᠳ᠋ ᠪᠣᠳᠠᠰ ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ ᠠᠵᠢᠯ ᠤᠨ ᠱᠠᠭᠠᠷᠳᠠᠯᠭ᠎ᠠ ᠳᠤᠷᠠᠳᠪᠠ᠃    ᠵᠶᠠᠩ ᠪᠢᠩ ᠵᠢᠶᠧ ᠴᠢᠬᠤᠯᠠᠴᠢᠯᠠᠭᠰᠠᠨ ᠨᠢ    ᠰᠤᠮᠤ ᠪᠠᠯᠭᠠᠰᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ ᠬᠠᠷᠢᠭᠤᠴᠠᠯᠭᠠᠲᠤ ᠰᠡᠳᠬᠢᠯᠭᠡ ᠪᠠ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠪᠠᠷ ᠭᠠᠮᠰᠢᠭᠳᠠᠭᠰᠠᠨ ᠰᠠᠭᠤᠷᠢ ᠪᠡᠯᠡᠳᠬᠡᠮᠵᠢ ᠶᠢ ᠪᠥᠬᠦ ᠬᠦᠴᠦᠨ ᠢᠶᠠᠷ ᠢᠶᠠᠨ ᠱᠠᠯᠠᠪᠳᠠᠨ ᠵᠠᠰᠠᠵᠤ᠂ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠬᠦ ᠬᠡᠷᠡᠭᠲᠡᠶ᠃ ᠰᠢᠰᠲ᠋ᠧᠮᠲᠦ ᠰᠡᠳᠬᠢᠬᠦᠢ ᠪᠠ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠣᠳᠣᠬᠠᠨ ᠤ ᠪᠠ ᠠᠯᠤᠰ ᠬᠡᠳᠦ ᠶᠢ ᠨᠢᠭᠡᠳᠦᠯᠲᠡᠢ ᠲᠥᠯᠥᠪᠵᠢᠭᠦᠯᠵᠦ ᠂ ᠭᠠᠮᠰᠢᠭ ᠤᠨ ᠬᠤᠬᠢᠷᠠᠯ ᠢ ᠪᠦᠬᠦ ᠲᠠᠯ᠎ᠠ ᠪᠠᠷ ᠦᠨᠡᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠵᠠᠮ ᠤᠨ ᠰᠠᠭᠤᠷᠢ ᠲᠥᠬᠦᠭᠡᠷᠦᠮᠵᠢ ᠵᠡᠷᠭᠡ ᠲᠦᠷᠦᠯ ᠵᠦᠢᠯ ᠢ ᠲᠥᠯᠥᠪᠵᠢᠭᠦᠯᠦᠨ ᠭᠤᠶᠤᠴᠢᠯᠠᠨ ᠮᠡᠳᠡᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠤᠷᠰᠢᠯᠭ᠎ᠠ ᠪᠠᠨ ᠴᠠᠭ ᠲᠤᠬᠠᠢ ᠳᠤᠨᠢ ᠲᠣᠭᠠᠯᠠᠨ ᠳ᠋ᠦᠩᠨᠡᠵᠦ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠣᠨᠴᠠᠭᠠᠢ ᠴᠠᠭ ᠠᠭᠤᠷ ᠤᠨ ᠪᠠᠶᠢᠳᠠᠯ ᠳᠣᠣᠷᠠᠬᠢ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠥᠮᠦᠰ ᠢ ᠰᠢᠯᠵᠢᠭᠦᠯᠬᠦ᠂ ᠡᠳ᠋ ᠪᠣᠳᠠᠰ ᠢ ᠲᠤᠬᠢᠷᠠᠭᠤᠯᠬᠤ᠂ ᠵᠠᠮ ᠢ ᠪᠢᠲᠡᠭᠦᠮᠵᠢᠯᠡᠨ ᠡᠵᠡᠮᠳᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠰᠡᠷᠡᠮᠵᠢᠯᠡᠭᠦᠯᠬᠦ ᠫᠠᠶᠢᠰᠠ ᠪᠠᠶᠢᠷᠢᠯᠠᠭᠤᠯᠬᠤ ᠵᠢᠴᠢ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠨᠠᠷᠢᠨ ᠭᠦᠢᠴᠡᠳ ᠬᠢᠵᠦ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃     ᠵᠢᠶᠠᠩ ᠪᠢᠩ ᠵᠢᠶᠧ  ᠪᠠᠰᠠ ᠰᠤᠮᠤᠨ ᠤ ᠴᠡᠭᠡ ᠶᠢᠨ ᠡᠷᠡᠭᠦᠯᠵᠢᠯ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠣᠲᠣ ᠶᠢᠨ ᠰᠠᠭᠤᠷᠢ ᠲᠥᠬᠦᠭᠡᠷᠦᠮᠵᠢ ᠵᠢᠴᠢ ᠡᠷᠬᠢᠨ ᠲᠣᠭᠤᠷᠢᠨ ᠤ ᠠᠰᠢᠭᠲᠠᠶ ᠨᠥᠬᠦᠴᠡᠯ ᠢ ᠭᠦᠢᠴᠡᠳ ᠰᠠᠶᠢᠲᠤᠷ ᠠᠰᠢᠭᠯᠠᠨ᠂ ᠲᠥᠷᠥᠯ ᠵᠦᠢᠯ ᠤᠨ ᠭᠠᠵᠠᠷ ᠰᠣᠩᠭᠤᠬᠤ ᠲᠥᠰᠦᠯ ᠵᠢᠴᠢ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠬᠡᠯᠪᠡᠷᠢ᠂ ᠦᠷ᠎ᠡ ᠠᠰᠢᠭ ᠤᠨ ᠬᠡᠯᠪᠡᠷᠢ ᠶᠢ ᠬᠠᠷᠢᠯᠴᠠᠨ ᠨᠢᠭᠡᠳᠬᠡᠬᠦ ᠶᠢ ᠬᠦᠴᠦᠯᠡᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   
 
ᠢᠷᠡᠯᠲᠡ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号