8 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠢᠶᠠᠩ ᠪᠢᠩ ᠵᠢᠶᠧ ᠶᠠᠪᠠᠷᠠᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠲᠤ ᠭᠦᠨᠵᠡᠭᠡᠶᠢᠷᠡᠵᠦ᠂ ᠣᠨᠴᠠ | ᠡᠭᠦᠷᠭᠡ ᠭᠦᠢᠴᠡᠳᠬᠡᠬᠦ ᠭᠠᠯ ᠤᠨᠲᠠᠷᠠᠭᠠᠬᠤ ᠦᠷᠳᠡᠭᠡ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠬᠡᠰᠡᠭ ᠠᠵᠤ ᠠᠬᠤᠶᠢᠯᠠᠯ ᠳᠤ | ᠭᠦᠨᠵᠡᠭᠡᠶᠢᠷᠡᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠵᠢᠴᠢ ᠲᠤᠰ ᠪᠡᠶ᠎ᠡ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ | ᠰᠤᠳᠤᠯᠪᠠ᠃ | ᠶᠠᠪᠠᠷᠠᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠣᠨᠴᠠ ᠦᠢᠯᠡᠴᠢᠯᠡᠭᠡᠨ ᠤ ᠭᠠᠯ | ᠤᠨᠲᠠᠷᠠᠭᠠᠬᠤ ᠦᠷᠳᠡᠭᠡ ᠶᠢᠨ ᠲᠥᠯᠥᠪᠵᠢᠭᠦᠯᠭᠡ ᠶᠢᠨ ᠭᠠᠵᠠᠷ ᠰᠣᠩᠭᠤᠬᠤ ᠭᠠᠵᠠᠷ ᠲᠤ᠂ ᠵᠢᠶᠠᠩ ᠪᠢᠩ ᠵᠢᠶᠧ ᠭᠠᠵᠠᠷ | ᠰᠣᠩᠭᠤᠬᠤ ᠬᠠᠮᠢᠶ᠎ᠠ ᠪᠦᠬᠦᠢ ᠮᠡᠳᠡᠭᠡ ᠵᠠᠩᠭᠢ ᠵᠢᠴᠢ ᠲᠥᠯᠥᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ | ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ | ᠬᠠᠷᠢᠴᠠᠭᠤᠯᠤᠨ᠂ ᠵᠠᠮ ᠬᠠᠷᠢᠯᠴᠠᠭ᠎ᠠ᠂ ᠦᠢᠯᠡᠴᠢᠯᠡᠭᠡᠨ ᠤ ᠬᠡᠪᠴᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠴᠢᠳᠠᠮᠵᠢ ᠶᠢᠨ ᠬᠤᠪᠢᠶᠠᠷᠢ ᠲᠣᠭᠤᠷᠢᠭ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠪᠠ | ᠪᠠᠷᠢᠮᠵᠢᠶ᠎ᠠ ᠶᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠷᠬᠢᠨ ᠲᠣᠭᠤᠷᠢᠨ ᠤ ᠡᠬᠢ | ᠪᠠᠶᠠᠯᠢᠭ ᠢ ᠵᠦᠶ ᠵᠣᠬᠢᠰᠲᠠᠶ ᠠᠰᠢᠭᠯᠠᠨ᠂ ᠲᠤᠰᠬᠠᠶ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠣᠯᠠᠨ ᠲᠠᠯ᠎ᠠ ᠶᠢᠨ ᠪᠠᠶᠢᠭᠤᠯᠤᠯᠲᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠠᠭᠢᠭᠤᠯᠬᠤ ᠶᠢ ᠦᠨᠡᠨ | ᠬᠦ ᠪᠠᠲᠤᠯᠠᠵᠤ᠂ ᠲᠣᠭᠤᠷᠢᠭ ᠤᠨ ᠭᠠᠯ ᠤᠨᠲᠠᠷᠠᠭᠠᠬᠤ ᠬᠢᠷᠢ ᠲᠦᠪᠰᠢᠨ ᠪᠠ ᠶᠡᠷᠦᠩᠬᠡᠶᠢᠯᠡᠭᠰᠡᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠴᠢ ᠲᠠᠢ ᠬᠢᠮᠢ᠂ ᠴᠤᠸᠠᠩ ᠬᠤᠢ ᠬᠢᠮᠢ ᠶᠢᠨ ᠠᠵᠤ ᠦᠢᠯᠡᠳᠪᠦᠷᠢ᠂ ᠯᠦᠩ ᠪᠦᠦ ᠬᠢᠮᠢ ᠶᠢᠨ ᠠᠵᠤ ᠦᠢᠯᠡᠳᠪᠦᠷᠢ | ᠪᠤᠯᠤᠨ ᠰᠢᠩ ᠾᠧ ᠳᠡᠭᠡᠳᠦ ᠰᠢᠨᠵᠢᠯᠡᠬᠦ ᠤᠬᠠᠭᠠᠨ ᠤ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠳᠤ᠂ | ᠵᠢᠶᠠᠩ ᠪᠢᠩ ᠵᠢᠶᠧ ᠦᠢᠯᠡᠳᠪᠦᠷᠢ ᠶᠢᠨ ᠲᠣᠭᠤᠷᠢᠭ ᠤᠨ ᠦᠢᠯᠡᠳᠪᠦᠷᠢ ᠶᠢᠨ ᠲᠠᠰᠤᠭ ᠲᠤ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠵᠢᠯᠣᠭᠤᠳᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ | ᠶᠠᠷᠢᠯᠴᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠶᠠᠷᠢᠭᠰᠠᠨ ᠪᠥᠭᠡᠳ | ᠳᠠᠷᠠᠭᠠᠴᠢ ᠶᠢᠨ ᠠᠯᠬᠤᠮ ᠤᠨ ᠰᠡᠳᠬᠢᠴᠡ ᠠᠷᠭ᠎ᠠ ᠬᠡᠮᠵᠢᠶ᠎ᠡ ᠪᠣᠯᠤᠨ ᠰᠠᠨᠠᠯ ᠰᠠᠨᠠᠭᠤᠯᠭ᠎ᠠ ᠶᠢ ᠨᠢ ᠶᠠᠷᠢᠪᠠ᠃ ᠵᠢᠶᠠᠩ | ᠪᠢᠩ ᠵᠢᠶᠧ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠦᠵᠡᠯ ᠰᠠᠨᠠᠭᠠᠨ ᠤ ᠬᠥᠪᠴᠢ ᠪᠠᠨ ᠴᠠᠭ | ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠬᠠᠮᠢᠶᠠᠷᠤᠯᠲᠠ ᠶᠢ ᠳᠡᠭᠡᠭᠰᠢᠯᠡᠭᠦᠯᠬᠦ᠂ ᠪᠣᠯᠪᠠᠰᠤᠷᠠᠯ ᠰᠣᠷᠢᠯᠲᠠ ᠬᠢᠬᠦ᠂ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠮᠥᠨ ᠴᠢᠨᠠᠷ ᠤᠨ ᠠᠮᠤᠷ ᠲᠦᠪᠰᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ | ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠤᠳᠤ ᠶᠢᠨ ᠰᠠᠭᠤᠷᠢ ᠪᠠ ᠳᠠᠪᠠᠭᠤᠯᠢᠭ ᠲᠠᠭᠠᠨ ᠭᠦᠢᠴᠡᠳ | ᠲᠦᠰᠢᠭᠯᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠴᠢᠭᠯᠡᠭᠦᠯᠦᠨ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ | ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠦᠷᠭᠦᠯᠵᠢᠯᠡᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ | ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠬᠢᠨᠠᠨ ᠬᠠᠮᠢᠶᠠᠷᠴᠤ | ᠵᠢᠯᠣᠭᠤᠳᠬᠤ ᠡᠷᠴᠢᠮ ᠢᠶᠠᠨ ᠴᠢᠩᠭᠠᠷᠠᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠵᠡᠷᠭᠡ ᠠᠵᠢᠯ ᠢ | ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠵᠤ | ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠭᠦᠯᠵᠦ ᠬᠦᠴᠦᠷᠬᠡᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ ᠳᠡᠮᠵᠢᠬᠦ | ᠬᠡᠷᠡᠭᠲᠡᠶ᠃ | |