ᠠᠯᠠᠱᠠ ᠪᠠᠷᠠᠭᠤᠨ ᠬᠤᠰᠢᠭᠤ ᠮᠠᠯ ᠲᠠᠷᠢᠶᠠᠯᠠᠩ ᠣᠶ ᠰᠢᠭᠤᠶ ᠤᠰᠤ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/9/10
      9 ᠰᠠᠷ᠎ᠠ ᠶᠢᠨ 6 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠧ ᠪᠢᠨ ᠢᠦᠶ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠭᠦᠨ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠰ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠠᠯᠠᠱᠠ ᠶᠢᠨ ᠤᠳᠤ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ ᠰᠢ ᠬᠤᠸᠠᠩ ︵ᠬᠤᠶᠠᠳᠤᠭᠠᠷ ᠬᠤᠭᠤᠴᠠᠭ᠎ᠠ︶ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠷᠦᠯ ᠵᠦᠢᠯ ᠤᠨ ᠨᠥᠭᠡᠴᠡ ᠶᠢ ᠡᠷᠲᠡᠬᠡᠨ ᠲᠥᠯᠥᠪᠵᠢᠭᠦᠯᠬᠦ ᠬᠡᠷᠡᠭᠲᠡᠢ᠃ ᠪᠠᠳᠠᠶ ᠶᠢᠨ ᠵᠢᠷᠠᠨ ᠤ ᠤᠯᠤᠰ ᠤᠨ ᠴᠡᠴᠡᠷᠯᠢᠭ ᠢ ᠭᠤᠶᠤᠴᠢᠯᠠᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ︽ᠪᠠᠳᠠᠢ ᠶᠢᠨ ᠵᠢᠷᠠᠨ ᠤ ᠡᠯᠡᠰᠦᠨ ᠴᠦᠯ ᠡᠯᠡᠰᠦᠨ ᠠᠭᠤᠯᠠ ᠨᠠᠭᠤᠷ ᠤᠨ ᠰᠦᠷᠦᠭᠵᠢᠯ︾ ᠢ ᠬᠠᠮᠠᠭᠠᠯᠠᠬᠤ᠂ ᠨᠡᠭᠡᠭᠡᠨ ᠠᠰᠢᠭᠯᠠᠬᠤ᠂ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠨ᠎ᠡ᠃ ᠵᠢᠨᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ︽ᠡᠪᠡᠳᠴᠢᠨ ᠦᠵᠡᠭᠦᠯᠬᠦ ᠳᠤ ᠬᠦᠴᠢᠷ︾ ︽ᠡᠪᠡᠳᠴᠢᠨ ᠦᠵᠡᠭᠦᠯᠬᠦ ᠳᠤ ᠬᠤᠯᠠ︾ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠪᠣᠯᠤᠨ ᠠᠮᠢ ᠠᠬᠤᠢ ᠶᠢᠨ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠢ ᠶᠢᠨ ᠬᠦᠷᠢᠶ᠎ᠡ ᠪᠠᠨ ᠤᠬᠠᠮᠰᠠᠷ ᠠᠴᠠ ᠪᠠᠨ ᠴᠡᠪᠡᠷᠰᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃
 
ᠢᠷᠡᠯᠲᠡ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号