9 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ | ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠵᠤᠤ ᠪᠦᠦ ᠵᠦ᠂ ᠸᠧᠢ ᠴᠢᠶᠣᠤ ᠯᠢᠩ᠂ ᠯᠢᠦ ᠴᠥᠩ ᠰᠢᠶᠤᠤ᠂ ᠯᠢᠦ ᠳ᠋ᠧ ᠼᠦᠢ᠂ ᠹᠠᠨ | ᠶᠢᠩ ᠲᠠᠪᠤᠨ ᠨᠥᠬᠦᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠲᠠᠨᠢᠯᠲᠠ ᠪᠣᠯᠤᠨ ᠣᠶᠢᠯᠠᠭᠠᠯᠲᠠ ᠪᠠᠨ ᠰᠣᠯᠢᠯᠴᠠᠪᠠ᠃ | ᠪᠠᠢ ᠬᠠᠢ ᠯᠢᠨ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ | ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ | ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ | ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠨᠡᠪᠲᠡᠷᠡᠲᠡᠯ᠎ᠡ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ | ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ | ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠲᠤᠬᠠᠶ ᠣᠶᠢᠯᠠᠭᠠᠯᠲᠠ ᠡᠵᠡᠮᠰᠢᠯ ᠢᠶᠠᠨ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠠᠭᠤ ᠬᠢᠬᠦ᠂ ᠶᠠᠭᠠᠬᠢᠵᠤ ᠬᠢᠬᠦ ᠶᠢ ᠦᠨᠡᠨ ᠬᠦ ᠨᠡᠪᠲᠡᠷᠡᠲᠡᠯ᠎ᠡ ᠣᠶᠢᠯᠠᠭᠠᠵᠤ | ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠡᠭᠡᠷ᠎ᠡ | ᠬᠦᠴᠦ ᠲᠠᠯᠪᠢᠵᠤ᠂ ᠥᠭᠡᠷᠡᠴᠢᠯᠡᠯᠲᠡ ᠶᠢᠨ ᠰᠡᠳᠬᠢᠬᠦᠶ᠂ ᠲᠠᠶᠢᠯᠬᠤ ᠰᠡᠳᠬᠢᠬᠦᠶ ᠪᠠ ᠵᠠᠬ᠎ᠠ ᠳᠡᠯᠭᠡᠭᠦᠷ ᠤᠨ | ᠤᠬᠠᠮᠰᠠᠷ ᠲᠠᠢ ᠪᠠᠶᠢᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ | ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ | ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠭᠤᠤᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠲᠥᠯᠥᠪᠵᠢᠭᠦᠯᠦᠨ ᠬᠡᠷᠡᠭᠵᠢᠭᠦᠯᠵᠦ᠂ ᠲᠦᠷᠢᠮ ᠤᠨ ᠰᠢᠨ᠎ᠡ ᠶᠢ ᠡᠭᠦᠳᠬᠦ᠂ | ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠪᠠ ᠠᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ | ᠠᠬᠢᠭᠤᠯᠵᠤ᠂ ᠥᠭᠡᠷᠡᠴᠢᠯᠡᠯᠲᠡ ᠶᠢᠨ ᠠᠰᠢᠭ ᠢ ᠦᠨᠡᠨ ᠬᠦ ᠬᠥᠭᠵᠢᠯᠲᠡ ᠶᠢᠨ ᠠᠰᠢᠭ ᠲᠤᠰᠠ ᠪᠣᠯᠭᠠᠨ | ᠬᠤᠪᠢᠷᠠᠭᠤᠯᠬᠤ ᠬᠡᠷᠡᠭᠲᠡᠶ᠃ ᠦᠨᠡᠨᠬᠦ ᠠᠳᠬᠤᠨ ᠪᠣᠳᠠᠲᠠᠢ ᠠᠵᠢᠯᠯᠠᠬᠤ ᠳᠡᠭᠡᠷ᠎ᠡ ᠬᠦᠴᠦ ᠲᠠᠯᠪᠢᠵᠤ᠂ | ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠡᠩ ᠲᠡᠷᠢᠭᠦᠨ ᠳᠤ ᠲᠡᠰ ᠳᠠᠷᠠᠭᠠᠯᠠᠯ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠬᠠᠮᠵᠢᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠣᠯᠤᠨ ᠬᠠᠳᠠᠭᠠᠰᠤ ᠬᠠᠳᠠᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢ ᠡᠴᠦᠰ ᠲᠤᠨᠢ ᠲᠤᠯᠲᠠᠯ᠎ᠠ | ᠠᠳᠬᠤᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠡᠩ ᠤᠯᠠᠨ ᠦᠨᠡᠨ ᠪᠣᠳᠠᠲᠠᠢ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃ | |