9 ᠰᠠᠷ᠎ᠠ ᠶᠢᠨ 9 ᠤ ᠡᠳᠦᠷ᠂ ᠠᠯᠠᠱᠠ ᠪᠠᠷᠠᠭᠤᠨ ᠬᠤᠰᠢᠭᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ᠃ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠶ ᠵᠢᠶᠠᠨ ᠴᠦᠨ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠸᠧᠶ ᠵᠢᠶᠠᠨ ᠴᠦᠨ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ | ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠮᠥᠨ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠪᠠᠲᠤ ᠢᠲᠡᠭᠡᠵᠦ ᠪᠠᠲᠤ | ᠬᠡᠷᠡᠭᠵᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠪᠦᠷᠢᠨ | ᠪᠦᠲᠦᠨ ᠣᠨᠣᠪᠴᠢᠲᠠᠶ ᠳᠥᠯᠭᠢᠨ ᠠᠬᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠨᠠᠮ ᠤᠨ ᠲᠥᠪ ᠬᠤᠷᠢᠶᠠᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠮᠠᠨ ᠤ ᠬᠤᠰᠢᠭᠤᠨ ᠳᠤ ᠦᠨᠳᠦᠰᠦᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | | | ᠸᠧᠶ ᠵᠢᠶᠠᠨ ᠴᠦᠨ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ | ᠪᠠᠷᠢᠮᠵᠢᠶ᠎ᠠ ᠲᠠᠢ ᠬᠠᠷᠭᠤᠭᠤᠯᠵᠤ᠂ ᠬᠦᠴᠦ ᠪᠠᠨ ᠲᠥᠪᠯᠡᠷᠡᠭᠦᠯᠦᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠬᠤᠪᠢᠷᠠᠭᠤᠯᠤᠨ ᠳᠡᠭᠡᠭᠰᠢᠯᠡᠭᠦᠯᠬᠦ ᠶᠢ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠠᠬᠢᠭᠤᠯᠬᠤ ᠬᠡᠷᠡᠭᠲᠡᠶ᠃ ᠪᠥᠬᠦᠳᠡ | ᠬᠤᠷᠠᠯ ᠠᠴᠠ ᠳᠤᠷᠠᠳᠤᠭᠰᠠᠨ ᠴᠢᠬᠤᠯᠠ ᠦᠵᠡᠯ ᠰᠠᠨᠠᠭ᠎ᠠ ᠦᠵᠡᠯᠲᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠰᠤᠷᠤᠯᠴᠠᠨ | ᠰᠤᠳᠤᠯᠬᠤ ᠪᠠ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ | ᠬᠦ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠲᠦᠮᠵᠢᠲᠡᠶ | ᠭᠠᠷᠳᠠᠴᠠ ᠪᠠ ᠠᠵᠢᠯ ᠤᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠭᠤᠤᠯᠳᠠᠯᠭ᠎ᠠ ᠲᠠᠢ ᠥᠭᠡᠷᠡᠴᠢᠯᠡᠯᠲᠡ ᠶᠢ | ᠬᠡᠷᠡᠭᠵᠢᠭᠦᠯᠦᠨ᠂ ︽ᠭᠤᠷᠪᠠᠨ ᠲᠥᠪ︾ ᠤᠨ ᠲᠠᠰ ᠳᠡᠪᠰᠢᠬᠦ ᠶᠢ ᠠᠬᠢᠭᠤᠯᠤᠨ᠎ᠠ᠃ ᠦᠨᠡᠨ ᠬᠦ ᠪᠣᠳᠠᠲᠠᠢ ᠶᠢ | ᠡᠷᠬᠢᠮᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠣᠨᠣᠪᠴᠢᠲᠠᠢ ᠥᠨᠳᠥᠷ ᠪᠦᠲᠦᠮᠵᠢᠲᠡᠢ ᠪᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ | ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠶᠢᠨ | ᠡᠷᠴᠢᠮ ᠢᠶᠠᠨ ᠴᠢᠩᠭᠠᠷᠠᠭᠤᠯᠵᠤ᠂ ︽ᠬᠦᠨᠳᠦ ᠡᠭᠦᠷᠭᠡ ᠶᠢ ᠡᠭᠦᠷᠭᠡᠯᠡᠵᠦ᠂ ᠬᠦᠴᠢᠷ ᠢ ᠰᠦᠷᠦᠨ ᠤᠷᠤᠭᠰᠢᠯᠠᠬᠤ︾ | ᠬᠠᠷᠢᠭᠤᠴᠠᠯᠭ᠎ᠠ ᠡᠭᠦᠷᠭᠡᠯᠡᠯ᠂ ︽ᠣᠨᠣᠪᠴᠢᠲᠠᠢ ᠦᠵᠡᠪᠡᠯ ᠬᠢᠵᠦ᠂ ᠬᠢᠪᠡᠯ ᠰᠠᠶᠢᠲᠤᠷ ᠬᠢᠬᠦ︾ ᠪᠣᠳᠠᠲᠠᠢ ᠠᠵᠢᠯᠯᠠᠬᠤ | ᠰᠤᠷᠲᠠᠯ᠂ ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠬᠡᠳᠦᠨ ᠶᠠᠪᠤᠳᠠᠯ ᠢ ᠪᠦᠲᠦᠭᠡᠬᠦ︾ ᠴᠠᠭᠠᠷᠠᠭᠰᠠᠨ | ᠴᠢᠳᠠᠪᠤᠷᠢ ᠪᠠᠷ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠴᠥᠬᠦᠷᠡᠰᠢ | ᠦᠭᠡᠢ ᠠᠬᠢᠭᠤᠯᠬᠤ ᠬᠡᠷᠡᠭᠲᠡᠢ᠃ | | | ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠦ᠋ ᠸᠧᠶ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠪᠠᠭᠰᠢ ᠶᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠬᠦ ᠶᠢᠨ ᠬᠠᠮᠲᠤ ︽ᠤᠳᠤᠷᠢᠳᠬᠤ ᠺᠠᠳ᠋ᠷ ᠶᠠᠷᠢᠶᠠᠨ ᠤ | ᠲᠠᠪᠴᠠᠩ ᠳᠤ ᠭᠠᠷᠬᠤ︾ ᠵᠡᠷᠭᠡ ᠬᠡᠯᠪᠡᠷᠢ ᠪᠠᠷ ᠮᠠᠨ ᠤ ᠬᠤᠰᠢᠭᠤᠨ ᠤ ᠪᠣᠳᠠᠲᠠᠶ ᠳᠤ ᠨᠡᠶᠢᠴᠡᠭᠰᠡᠨ ︽ᠲᠡᠮᠡᠭᠡᠲᠦ | ᠨᠤᠲᠤᠭ ᠤᠨ ᠺᠠᠳ᠋ᠷ ᠤᠨ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠶᠢ ᠥᠷᠨᠢᠭᠦᠯᠪᠡ᠃ ︽ᠠᠩᠭᠢ ᠡᠬᠢᠯᠡᠬᠦ | ᠨᠢᠭᠡᠳᠦᠭᠡᠷ ᠬᠢᠴᠢᠶᠡᠯ︾ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦ᠋ ᠸᠧᠶ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠨᠠᠮ ᠤᠨ ᠲᠡᠦᠬᠡ | ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠯᠢ ᠬᠠᠶ ᠰᠢᠶᠠ ᠫᠷᠤᠹᠧᠰᠰᠤᠷ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠎ᠠ - ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠲᠤᠰᠬᠠᠶ ᠰᠡᠳᠦᠪᠲᠦ | ᠬᠠᠪᠰᠤᠷᠤᠨ ᠵᠢᠯᠣᠭᠤᠳᠣᠯᠭ᠎ᠠ ᠬᠢᠪᠠ᠃ | | | ᠪᠥᠬᠦ ᠬᠤᠰᠢᠭᠤᠨ ᠤ ᠰᠠᠯᠠᠭᠠᠨ ᠲᠠᠰ ᠪᠠ ᠰᠠᠯᠠᠭᠠᠨ ᠲᠠᠰ ᠠᠴᠠ ᠳᠣᠷᠣᠭᠰᠢᠬᠢ ᠨᠠᠮ ᠤᠨ ᠭᠡᠰᠢᠭᠦᠨ ᠺᠠᠳ᠋ᠷ | 3000 ᠭᠠᠷᠤᠶ ᠬᠥᠮᠦᠨ ᠢ ᠬᠤᠶᠠᠷ ᠬᠤᠭᠤᠴᠠᠭ᠎ᠠ ᠬᠤᠪᠢᠶᠠᠨ ᠭᠤᠤᠯ ᠬᠤᠷᠠᠯ ᠤᠨ ᠲᠠᠯᠠᠪᠠᠶ ᠪᠠ ᠬᠤᠪᠢᠶᠠᠷᠢ | ᠬᠤᠷᠠᠯ ᠤᠨ ᠲᠠᠯᠠᠪᠠᠶ ᠳᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠳᠤ ᠣᠷᠣᠯᠴᠠᠪᠠ᠃ | | |