ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠠᠯ᠎ᠠ | ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠷᠢᠶ᠎ᠠ | ᠣᠷᠣᠨ ᠤ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠨᠣᠮ ᠤᠩᠰᠢᠬᠤ ᠳᠤᠷᠠᠲᠠᠶ᠂ ᠣᠯᠠᠨ ᠨᠣᠮ | ᠤᠩᠰᠢᠬᠤ᠂ ᠰᠠᠶᠢᠨ ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ | ᠣᠶᠢᠷ᠎ᠠ ᠳᠤ᠂ ᠠᠯᠲᠠᠨᠴᠤᠭ ᠰᠤᠮᠤ ︽ᠰᠢᠨ᠎ᠡ ᠦᠵᠡᠯ ᠰᠠᠨᠠᠭ᠎ᠠ ᠶᠢ ᠰᠤᠷᠤᠯᠴᠠᠨ ᠬᠡᠷᠡᠭᠯᠡᠵᠦ ᠰᠢᠨ᠎ᠡ ᠠᠶᠠᠨ ᠳᠤ | ᠡᠷᠡᠯᠬᠡᠭᠯᠡᠨ ᠤᠷᠤᠭᠰᠢᠯᠠᠬᠤ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ ᠤᠨ | ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | | ᠠᠵᠢᠯᠯᠠᠭ᠎ᠠ ᠨᠢ ᠰᠤᠮᠤᠨ ᠤ 6 ᠲᠠᠯ᠎ᠠ ᠨᠤᠲᠤᠭ ᠤᠨ ᠨᠣᠮ ᠤᠨ ᠥᠷᠥᠭᠡ ᠪᠠᠷ ᠲᠠᠪᠴᠠᠩ ᠪᠣᠯᠭᠠᠵᠤ᠂ ᠭᠤᠤᠯ | ᠰᠡᠳᠦᠪᠲᠦ ᠬᠡᠪᠯᠡᠭᠳᠡᠬᠦᠨ ᠤᠩᠰᠢᠬᠤ᠂ ︽ᠤᠮᠠᠷᠠᠲᠤ ᠬᠢᠯᠢ ᠬᠢᠵᠠᠭᠠᠷ ᠢ ᠦᠵᠡᠬᠦ︾ ᠬᠥᠳᠡᠭᠡ ᠲᠣᠰᠬᠤᠨ ᠤ | ᠲᠣᠭᠠᠴᠢᠯᠠᠭᠰᠠᠨ ᠤᠩᠰᠢᠯᠭ᠎ᠠ᠂ ︽ᠭᠠᠷ ᠬᠤᠯᠪᠣᠨ ᠬᠥᠭᠵᠢᠭᠦᠯᠦᠨ ᠮᠠᠨᠳᠤᠭᠤᠯᠬᠤ︾ ᠨᠣᠮ ᠪᠢᠴᠢᠭ ᠬᠠᠨᠳᠢᠪᠯᠠᠬᠤ᠂ | ᠡᠴᠢᠭᠡ ᠡᠬᠡ ᠦᠷ᠎ᠡ ᠬᠡᠦᠬᠡᠳ ᠬᠠᠮᠲᠤ ᠪᠠᠷ ᠤᠩᠰᠢᠬᠤ᠂ ᠨᠣᠮ ᠤᠩᠰᠢᠬᠤ ᠶᠢ ᠬᠠᠮᠲᠤ ᠪᠠᠷ ᠡᠳ᠋ᠯᠡᠬᠦ ᠵᠡᠷᠭᠡ | ᠠᠭᠤᠯᠭ᠎ᠠ ᠪᠠᠷ ᠪᠠᠶᠠᠯᠢᠭ᠂ ᠣᠯᠠᠨ ᠬᠡᠯᠪᠡᠷᠢ ᠶᠠᠩᠵᠤ ᠶᠢᠨ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠠᠯᠴᠢᠨ ᠲᠠᠷᠢᠶᠠᠴᠢᠨ ᠢ ᠨᠣᠮ ᠤᠩᠰᠢᠬᠤ ᠳᠤᠮᠳᠠ ᠮᠡᠳᠡᠯᠭᠡ ᠪᠠᠨ ᠪᠠᠶᠠᠯᠢᠭᠵᠢᠭᠤᠯᠵᠤ᠂ ᠮᠡᠳᠡᠯᠭᠡ | ᠮᠡᠳᠡᠴᠡ ᠪᠠᠨ ᠨᠡᠮᠡᠭᠳᠡᠭᠦᠯᠬᠦ ᠪᠣᠯᠤᠨ᠎ᠠ᠃ | | | | | ᠲᠠᠷᠠᠭᠠᠴᠢ ᠶᠢᠨ ᠠᠯᠬᠤᠮ ᠳᠤ᠂ ᠠᠯᠲᠠᠨᠴᠤᠭ ᠰᠤᠮᠤ ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠤᠨ ᠡᠬᠢ | ᠪᠠᠶᠠᠯᠢᠭ ᠢ ᠭᠦᠢᠴᠡᠳ ᠠᠰᠢᠭᠯᠠᠨ᠂ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠣᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠶ ᠭᠤᠤᠯ ᠰᠡᠳᠦᠪᠲᠦ ᠨᠣᠮ ᠤᠩᠰᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠪᠥᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢᠨ ᠥᠷᠭᠡᠴᠡ᠂ ᠭᠦᠨᠴᠡ ᠶᠢ ᠲᠠᠰᠤᠷᠠᠯᠲᠠ ᠥᠬᠡᠶ ᠥᠷᠭᠡᠳᠬᠡᠨ᠂ | ᠭᠦᠨ ᠵᠤᠵᠠᠭᠠᠨ ᠨᠣᠮ ᠪᠢᠴᠢᠭ ᠤᠨ ᠦᠨᠦᠷ ᠠᠮᠲᠠ ᠪᠠᠷ ᠨᠤᠲᠤᠭ ᠤᠨ ᠰᠤᠷᠲᠠᠯ ᠤᠨ ᠪᠣᠯᠪᠠᠰᠤᠨ ᠢ ᠬᠠᠳᠠᠭᠠᠯᠠᠵᠤ᠂ | ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ᠃ | | |