9 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠡᠪᠯᠡᠯ ᠤᠨ ᠠᠷᠪᠠᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃ | ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ᠂ ᠱᠦᠵᠢ | ᠨᠡᠷ ᠤᠨ ᠭᠠᠵᠠᠷ ᠤᠨ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠢᠨ ᠱᠠᠨ ᠸᠧᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠰᠢᠶᠤᠤ | ᠺᠠᠩ ᠪᠠᠶᠠᠷ ᠤᠨ ᠦᠭᠡ ᠬᠡᠯᠡᠵᠦ᠂ ᠯᠢ ᠢᠦᠢ ᠭᠠᠩ ᠶᠠᠷᠢᠶ᠎ᠠ ᠲᠠᠯᠪᠢᠵᠤ᠂ ᠢᠦᠢ ᠯᠢ ᠰᠢᠨ᠂ ᠦ᠋ ᠶᠠᠨ ᠭᠠᠩ᠂ ᠶᠤᠤ | ᠶᠦᠩ ᠪᠥᠸᠧ᠂ ᠯᠦᠸᠧ ᡁᠢ ᠬᠤ᠋ ᠬᠤᠷᠠᠯ ᠳᠤ ᠣᠷᠣᠯᠴᠠᠵᠤ᠂ ᠵᠠᠩ ᠱᠤᠤ ᠴᠦᠨ ᠬᠤᠷᠠᠯ ᠢ ᠡᠷᠬᠢᠯᠡᠭᠰᠡᠨ ᠪᠥᠭᠡᠳ | ᠠᠵᠢᠯ ᠤᠨ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠥᠷᠭᠡᠨ ᠤᠯᠠᠨ ᠠᠵᠢᠯᠳᠠᠨ ᠠᠵᠢᠯᠴᠢᠨ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ | ᠭᠦᠢᠴᠡᠳ ᠨᠤᠲᠠᠯᠠᠪᠠ᠃ ᠬᠤᠷᠠᠯ ᠠᠴᠠ᠂ ᠥᠷᠭᠡᠨ ᠤᠯᠠᠨ ᠠᠵᠢᠯᠳᠠᠨ ᠠᠵᠢᠯᠴᠢᠨ ᠨᠠᠮ ᠢᠶᠠᠨ ᠬᠠᠶᠢᠷᠠᠯᠠᠬᠤ | ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠤᠮᠠᠷᠠᠲᠤ ᠶᠢᠨ ᠰᠣᠶᠣᠯ ᠢ ᠲᠦᠷᠦᠭᠦᠯᠡᠨ | ᠪᠠᠳᠠᠷᠠᠭᠤᠯᠵᠤ᠂ ᠡᠵᠡᠨ ᠬᠥᠮᠦᠨ ᠤ ᠣᠪᠣᠷ ᠢᠶᠠᠷ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠳᠤ ᠣᠷᠣᠯᠴᠠᠵᠤ᠂ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ | ᠠᠵᠢᠯᠴᠢᠨ ᠤ ᠡᠪᠯᠡᠯ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠤ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠬᠤ ᠶᠢ | ᠵᠣᠬᠢᠶᠠᠨ ᠪᠠᠶᠢᠭᠤᠯᠤᠨ ᠲᠠᠶᠢᠴᠢᠯᠠᠵᠦ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ | ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠨᠤᠭᠤᠳ ᠠᠵᠢᠯᠴᠢᠨ ᠤ ᠡᠪᠯᠡᠯ ᠪᠠ ᠠᠵᠢᠯᠴᠢᠨ ᠤ | ᠡᠪᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠭᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ | ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠣᠯᠠᠨ ᠲᠦᠮᠡᠨ ᠤ ᠪᠣᠳᠠᠲᠠᠶ ᠬᠦᠴᠢᠷᠳᠡᠯ ᠪᠠ ᠠᠰᠠᠭᠤᠳᠠᠯ ᠢ | ᠢᠳᠡᠪᠬᠢᠲᠡᠶ ᠪᠠᠷ ᠬᠠᠪᠰᠤᠷᠤᠨ ᠰᠢᠢᠳᠪᠦᠷᠢᠯᠡᠭᠦ ᠬᠡᠷᠡᠭᠲᠡᠶ᠃ | |