ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠭᠠᠳᠠᠭᠠᠳᠤ ᠶᠠᠪᠤᠳᠠᠯ ᠤᠨ ᠠᠯᠪᠠᠨ ᠬᠡᠷ︶ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14
      9 ᠰᠠᠷ᠎ᠠ ᠶᠢᠨ 13 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ︶ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠬᠤᠸᠠ ᠯᠦᠩ ᠬᠤᠷᠠᠯ ᠢ ᠡᠷᠭᠢᠯᠡᠪᠡ᠃ ᠵᠠᠰᠠᠭ ᠤᠨ ᠣᠷᠳᠣᠨ ᠤ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠬᠤᠢ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ︶ ᠤᠨ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠵᠣᠭᠤᠰ ᠨᠠᠭᠠᠳᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠠᠯᠪᠠᠨ ᠭᠡᠷ ᠤᠨ ᠡᠷᠬᠢᠯᠡᠭᠴᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠤᠰ ᠲᠤᠰ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠪᠠ᠃    ᠬᠤᠷᠠᠯ ᠠᠴᠠ᠂ ᠡᠯ᠎ᠡ ᠪᠠᠭ ᠤᠨ ᠪᠦᠷᠢᠯᠳᠦᠬᠦᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨᠬᠦ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠲᠠᠰᠤᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠪᠦᠬᠦ ᠺᠠᠳ᠋ᠷ ᠠᠵᠢᠯᠳᠠᠨ ᠠᠵᠢᠯᠴᠢᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠵᠣᠭᠤᠰ ᠮᠥᠷᠦ᠋ᠢᠴᠡᠬᠦ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠵᠤ᠂ ᠬᠠᠮᠲᠤ ᠨᠡᠶᠢᠳᠡ ᠪᠣᠯᠤᠨ ᠬᠤᠪᠢ ᠬᠥᠮᠦᠨ ᠤ ᠲᠦᠷᠢ ᠲᠥᠷᠬᠦ ᠶᠢ ᠰᠠᠶᠢᠲᠤᠷ ᠪᠤᠢ ᠪᠣᠯᠭᠠᠵᠤ ᠬᠠᠮᠠᠭᠠᠯᠠᠬᠤ ᠬᠡᠷᠡᠭᠲᠡᠢ᠃ ᠵᠢᠵᠢᠭᠦᠷᠯᠡᠵᠦ ᠪᠠᠶᠢᠭ᠎ᠠ ᠠᠵᠢᠯᠲᠠᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠠᠲᠤᠯᠠᠵᠤ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠡᠯ᠎ᠡ ᠶᠠᠪᠤᠴᠠ ᠶᠢᠨ ᠠᠵᠢᠯ ᠤᠨ ᠱᠠᠭᠠᠷᠳᠠᠯᠭ᠎ᠠ ᠶᠢ ᠰᠠᠶᠢᠨ ᠣᠶᠢᠯᠠᠭᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠡᠯ᠎ᠡ ᠵᠦᠢᠯ ᠤᠨ ᠠᠵᠢᠯ ᠤᠨ ᠬᠡᠪ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃   
 
ᠢᠷᠡᠯᠲᠡ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号