ᠵᠢᠶᠠᠩ ᠪᠢᠩ ᠵᠢᠶᠧ ᠶᠣᠰᠣ ᠰᠤᠷᠲᠠᠬᠤᠨ ᠤ ᠵᠢᠱᠢᠶᠡᠴᠢ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢᠨ ᠬᠢᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/9/18
       ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠢᠶᠠᠩ ᠪᠢᠩ ᠵᠢᠶᠧ ᠶᠣᠰᠣ ᠰᠤᠷᠲᠠᠬᠤᠨ ᠤ ᠵᠢᠱᠢᠶᠡᠴᠢ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠬᠡᠷ ᠪᠦᠯᠢ ᠶᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠵᠢᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ 
1.jpg
        ᠯᠦ ᠰᠢᠶᠠᠩ ᠯᠢᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠠᠱᠠ ᠪᠠᠷᠠᠭᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠠᠵᠢᠯᠯᠠᠵᠤ᠂ ᠪᠥᠬᠦ ᠠᠶᠢᠮᠠᠭ ᠤᠨ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠭᠥᠷᠳᠡᠵᠦ ᠥᠩᠭᠡᠷᠡᠭᠰᠡᠨ ᠶᠤᠮ᠂ 2024 ᠣᠨ ᠳᠤ ᠳᠤᠮᠳᠠᠳᠤ ᠤᠯᠤᠰ ᠤᠨ ᠰᠠᠶᠢᠨ ᠬᠥᠮᠦᠨ ᠤ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠰᠠᠶᠢᠨ ᠬᠥᠮᠦᠨ ᠤ ᠵᠢᠭᠰᠠᠭᠠᠯ ᠳᠤ ᠣᠷᠣᠪᠠ᠃ ᠵᠢᠶᠠᠩ ᠪᠢᠩ ᠵᠢᠶᠧ ᠯᠦ ᠰᠢᠶᠠᠩ ᠯᠢᠨ ᠤ ᠬᠡᠷ ᠲᠤ ᠬᠦᠷᠴᠦ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠥᠯᠢᠭᠡᠷ ᠳᠠᠭᠤᠷᠢᠶᠠᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠢᠷᠠᠭᠤ ᠠᠯᠳᠠᠷ ᠢᠶᠠᠨ ᠨᠠᠨᠳᠢᠩᠨᠠᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠶᠢᠭᠡᠮ ᠳᠤ ᠦᠨᠡᠨ ᠰᠠᠶᠢᠨ ᠰᠠᠶᠢᠬᠠᠨ ᠢ ᠳᠠᠮᠵᠢᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠰᠠᠶᠢᠨ ᠰᠠᠶᠢᠬᠠᠨ ᠬᠡᠪ ᠰᠤᠷᠲᠠᠯ ᠢ ᠪᠠᠲᠤ ᠪᠣᠶ ᠪᠣᠯᠭᠠᠬᠤ ᠳᠤ ᠬᠦᠴᠦᠨ ᠨᠡᠮᠡᠷᠢᠯᠡᠬᠦ ᠶᠢ ᠬᠦᠰᠡᠪᠡ᠃ 
2.jpg
        ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ ᠶᠢᠨ ᠬᠢᠨ ᠤ ᠭᠡᠷ ᠲᠤ᠂ ᠵᠢᠶᠠᠩ ᠪᠢᠩ ᠵᠢᠶᠧ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ᠂ ᠨᠡᠶᠢᠭᠡᠮ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠪᠠᠶᠠᠰᠤᠩᠭᠤᠢ ᠥᠭᠡᠳᠡᠷᠬᠡᠭ ᠠᠮᠢᠳᠤᠷᠠᠯ ᠤᠨ ᠣᠪᠣᠷ ᠢ ᠪᠠᠷᠢᠮᠲᠠᠯᠠᠨ᠂ ᠭᠡᠷ ᠪᠦᠯᠢ ᠪᠠᠨ ᠰᠠᠶᠢᠲᠤᠷ ᠬᠠᠷᠠᠭᠠᠯᠵᠠᠵᠤ᠂ ᠦᠷ᠎ᠡ ᠬᠡᠦᠬᠡᠳ ᠢᠶᠠᠨ ᠰᠠᠶᠢᠲᠤᠷ ᠬᠥᠮᠦᠵᠢᠭᠦᠯᠵᠦ᠂ ᠠᠮᠢᠳᠤᠷᠠᠯ ᠡᠳᠦᠷ ᠠᠴᠠ ᠡᠳᠦᠷ ᠦᠭᠡᠳᠡᠯᠡᠬᠦ ᠶᠢ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠶᠢᠨ ᠬᠢᠨ ᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠶ ᠵᠢᠶᠠᠨ ᠴᠦᠨ ᠲᠣᠬᠤᠨᠢᠭᠤᠯᠬᠤ ᠳᠤ ᠣᠷᠣᠯᠴᠠᠪᠠ᠃   
 
ᠢᠷᠡᠯᠲᠡ᠄ ᠠᠯᠠᠱᠠ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号