ᠪᠠᠶ ᠬᠠᠶ ᠯᠢᠨ ᠥᠪᠥᠷ ᠮᠣᠩᠭᠤᠯ ᠤᠨ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/18
        9 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳᠠᠭᠠᠭᠠᠴᠢᠯᠠᠨ ᠬᠠᠷᠢᠯᠴᠠᠬᠤ ᠠᠷᠠᠳ  ᠤᠨ  ᠡᠵᠡᠭᠨᠡᠯᠲᠡ ᠶᠢᠨ ᠠᠵᠤ ᠠᠬᠤᠶᠢᠯᠠᠯ ᠪᠤᠯᠬᠤ ᠠᠯᠠᠱᠠ ᠪᠠᠷᠠᠭᠤᠨ ᠬᠤᠰᠢᠭᠤᠨ ᠤ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ  ᠠᠯᠪᠠᠯᠠᠵᠣ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ  ᠪᠠ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ  ᠲᠤᠬᠠᠢ ᠪᠠᠶᠢᠴᠠᠭᠠᠨ‌‍ᠰᠤᠳᠤᠯᠪᠠ᠃
1.jpg
        ᠦᠢᠯᠡᠳᠪᠦᠷᠢᠯᠡᠯ ᠤᠨ ᠲᠠᠰᠤᠭ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠪᠣᠯᠤᠨ ᠠᠵᠤ ᠠᠬᠤᠶᠢᠯᠠᠯ ᠤᠨ ᠤᠶᠤᠨᠴᠢᠯᠠᠭᠰᠠᠨ ᠡᠵᠡᠮᠳᠡᠯ ᠤᠨ ᠲᠥᠪ ᠲᠤ᠂ ᠪᠠᠢ ᠬᠠᠢ ᠯᠢᠨ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠦᠨ ᠬᠠᠳᠠᠭᠠᠯᠠᠬᠤ ᠪᠠ ᠪᠣᠷᠣᠯᠠᠭᠤᠯᠬᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠳᠠᠨ  ᠠᠵᠢᠯᠴᠢᠨ‌‍ᠤ ᠦᠢᠯᠡᠳᠪᠦᠷᠢᠯᠡᠯ ᠠᠮᠢᠳᠤᠷᠠᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠥᠸᠧ ᠶᠤᠸᠠᠨ ᠪᠠᠶᠢᠭᠠᠯᠢ ᠶᠢᠨ ᠬᠤᠵᠢᠷ ᠵᠢᠴᠢ ᠢᠵᠢ  ᠪᠦᠷᠢᠳᠦᠭᠦᠯᠦᠭᠰᠡᠨ ᠲᠦᠷᠦᠯ ᠵᠦᠢᠯ ᠨᠢ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ  ᠲᠡᠪᠰᠢᠭᠦᠯᠭᠦ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠠᠯᠠᠱᠠ ᠪᠠᠷᠠᠭᠤᠨ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ  ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠦᠴᠢᠷ ᠠᠰᠠᠭᠤᠳᠠᠯ ᠢ ᠴᠠᠭ ᠲᠤᠬᠠᠶ ᠳᠤᠨᠢ  ᠰᠢᠢᠳᠪᠦᠷᠢᠯᠡᠵᠦ ᠂ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠬᠢᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠭᠡᠳᠬᠡᠬᠦ᠂  ᠪᠦᠳᠦᠭᠡᠨ‌‍ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠢ ᠡᠷᠲᠡᠬᠡᠨ ᠬᠡᠷᠡᠭᠵᠢᠭᠦᠯᠬᠦ ᠬᠡᠷᠡᠭᠲᠡᠢ  ᠭᠡᠪᠡ᠃
2.png
        ᠳᠠᠷᠠᠭ᠎ᠠ ᠨᠢ᠂ ᠪᠠᠢ ᠬᠠᠢ ᠯᠢᠨ ᠪᠥᠸᠧ ᠶᠤᠸᠠᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ ᠳ᠋ᠠᠶ ᠯᠢᠶᠠᠨ ᠷᠦᠩ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠠᠯᠤᠰ ᠬᠡᠲᠦ ᠶᠢᠨ ᠲᠥᠯᠥᠪ ᠥᠷᠭᠡᠨ ᠠᠭᠤᠳᠠᠮ᠂ ᠠᠯᠠᠱᠠ ᠠᠶᠢᠮᠠᠭ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠡᠷᠡᠰ ᠳᠡᠮᠵᠢᠵᠦ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠨᠠᠷᠢᠯᠢᠭ ᠡᠳ᠋ᠰᠢᠭᠦᠯᠬᠦ ᠪᠠ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠢᠵᠢ ᠪᠥᠷᠢᠳᠦᠭᠰᠡᠨ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠴᠡᠪᠡᠷ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠬᠦᠴᠦᠯᠡᠨ ᠠᠬᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠶ  ᠭᠡᠵᠦ ᠴᠢᠬᠤᠯᠠᠴᠢᠯᠠᠪᠠ᠃
3.png
        ᠯᠢᠦ ᠴᠥᠩ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠬᠠᠮ ᠵᠠᠭᠤᠴᠢᠯᠠᠭᠤᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号