9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ | ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠳᠡᠯᠴᠡᠭᠡᠨ ᠤ ᠬᠤᠷᠠᠯ ᠬᠤᠷᠠᠯᠳᠤᠭᠤᠯᠵᠤ᠂ ︽︿ᠬᠠᠶᠢᠷ᠎ᠠ ᠬᠠᠯᠠᠮᠵᠢ ᠶᠢᠨ | ᠢᠨᠵᠧᠨᠧᠷᠢᠩ﹀ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠤᠨ ᠠᠮᠢᠳᠤᠷᠠᠯ ᠤᠨ ᠳᠤᠯᠠᠭᠠᠨ ᠤ | ᠬᠡᠮᠵᠢᠶ᠎ᠡ ᠶᠢ ᠳᠡᠭᠡᠭᠰᠢᠯᠡᠭᠦᠯᠬᠦ︾ ᠲᠣᠭᠤᠷᠢᠨ ᠳᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠥᠪᠯᠡᠯᠭᠡ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠶᠤᠤ ᠶᠦᠩ ᠪᠥᠸᠧ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ | ᠮᠢᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠤᠨ | ᠲᠣᠳᠣᠷᠬᠠᠶᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠨ | ᠂ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠣᠯᠤᠨ ᠬᠠᠮᠢᠶ᠎ᠠ ᠪᠥᠬᠦᠶ ᠲᠤᠰᠬᠠᠶ | ᠮᠡᠷᠭᠡᠵᠢᠯᠲᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠬᠤ ᠶᠢᠨ ᠬᠠᠮᠲᠤ | ᠬᠠᠷᠢᠯᠴᠠᠨ ᠵᠥᠪᠳᠡᠯᠴᠡᠬᠦ ᠶᠢ ᠥᠷᠨᠢᠭᠦᠯᠪᠡ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠡᠭᠦᠷᠭᠡ ᠴᠢᠳᠠᠪᠬᠢ ᠶᠢᠨ | ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠡᠲᠡᠭᠡᠳ ᠤᠯᠠᠨ᠂ ᠬᠠᠷᠢᠯᠴᠠᠬᠤ ᠬᠡᠪᠴᠢᠶ᠎ᠡ ᠥᠷᠭᠡᠨ᠂ ᠲᠥᠯᠥᠭᠡᠯᠡᠬᠦ | ᠴᠢᠨᠠᠷ ᠢᠶᠠᠷ ᠴᠢᠩᠭ᠎ᠠ ᠪᠠᠶᠢᠬᠤ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠨ | ᠵᠠᠰᠠᠭ ᠲᠤ ᠲᠤᠰᠠᠯᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠡᠨᠡ ᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠭᠡᠰᠢᠭᠦᠳ ᠤᠨ ᠢᠳᠡᠪᠬᠢᠵᠢᠯ ᠢ ᠭᠦᠢᠴᠡᠳ ᠲᠠᠶᠢᠴᠢᠯᠠᠵᠤ᠂ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ᠂ ᠨᠡᠩ ᠤᠯᠠᠨ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ |