ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠭᠴᠢᠳ ᠤᠨ ᠠᠶᠢᠯᠴᠢᠯᠠᠯᠲᠠ ᠶᠢᠨ ᠪᠦᠯᠬᠦᠮ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ  ᠡᠦ ᠶᠠᠨ ᠭᠠᠩ ᠵᠧᠩ ᠭᠤᠸᠠᠩ ᠵᠤᠤ ᠶᠠᠩ ᠵᠢᠶᠧ ᠣᠷᠣᠯᠴᠠᠵᠠᠢ
ᠨᠡᠶᠢᠲᠡᠯᠡᠭᠰᠡᠨ ᠴᠠᠭ᠄
2024/9/26
      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠭᠴᠢᠳ ᠤᠨ ᠠᠶᠢᠯᠴᠢᠯᠠᠯᠲᠠ ᠶᠢᠨ ᠪᠦᠯᠬᠦᠮ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠤᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠲᠤᠰ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠠᠴᠠ ᠮᠠᠨ ᠤ ᠣᠷᠣᠨ ᠤ ᠦᠨᠳᠦᠰᠦᠲᠡᠨ ᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠵᠢᠭᠤᠯᠴᠢᠯᠠᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠳᠠᠬᠢ ᠪᠠᠶᠢᠳᠠᠯ ᠢ ᠲᠠᠨᠢᠯᠴᠠᠭᠤᠯᠪᠠ᠃ ᠰᠤᠷᠤᠭᠴᠢᠳ ᠤᠨ ᠲᠥᠯᠥᠭᠡᠯᠡᠭᠴᠢ᠂ ᠲᠣᠰ ᠤᠳᠠᠭᠠᠨ ᠤ ᠠᠶᠢᠯᠴᠢᠯᠠᠯᠲᠠ ᠨᠢ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠤᠭᠰᠠᠨ ᠢᠯᠡᠳᠲᠡ ᠦᠷ᠎ᠡ ᠪᠦᠲᠦᠮᠵᠢ ᠶᠢ ᠭᠦᠨᠵᠡᠭᠡᠶ ᠣᠶᠢᠯᠠᠭᠠᠵᠤ᠂ ᠲᠣᠰ ᠤᠯᠤᠰ ᠬᠢᠭᠡᠳ ᠳᠤᠮᠳᠠᠳᠤ ᠤᠯᠤᠰ ᠤᠨ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠢᠳᠡᠪᠬᠢᠲᠡᠶ ᠳᠥᠯᠭᠢᠨ ᠠᠬᠢᠭᠤᠯᠤᠨ᠎ᠠ᠃   
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号