ᠭᠤᠤ ᠵᠧᠩ ᠥᠪᠥᠷ ᠮᠣᠩᠭᠤᠯ ᠤᠨ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/27
       9 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠵᠧᠩ ᠥᠪᠥᠷ ᠮᠣᠩᠭᠤᠯ ᠤᠨ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠪᠣᠯᠤᠨ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠪᠥᠷ ᠮᠣᠩᠭᠤᠯ ᠤᠨ ᠪᠥᠸᠧ ᠶᠤᠸᠠᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠭᠴᠢ ᠳ᠋ᠠᠶ ᠵᠢᠶ ᠹᠧᠩ ᠲᠠᠢ ᠶᠠᠷᠢᠯᠴᠠᠪᠠ᠃ 
1.jpg
             ᠦᠢᠯᠡᠳᠪᠦᠷᠢᠯᠡᠯ ᠤᠨ ᠲᠠᠰᠤᠭ᠂ ᠦᠢᠯᠡᠳᠪᠦᠷᠢᠯᠡᠯ ᠤᠨ ᠤᠭᠰᠠᠷᠠᠯᠲᠠ ᠶᠢᠨ ᠲᠣᠭᠤᠷᠢᠭ᠂ ᠠᠵᠤ ᠠᠬᠤᠶᠢᠯᠠᠯ ᠤᠨ ᠣᠶᠤᠨᠴᠢᠯᠠᠭᠰᠠᠨ ᠡᠵᠡᠮᠳᠡᠯ ᠤᠨ ᠲᠥᠪ ᠵᠡᠷᠭᠡ ᠭᠠᠵᠠᠷ ᠲᠤ᠂ ᠭᠤᠤ ᠵᠧᠩ ᠺᠣᠮᠫᠠᠨᠢ ᠶᠢᠨ ᠦᠢᠯᠡᠳᠪᠦᠷᠢᠯᠡᠯ ᠠᠵᠢᠯᠯᠠᠭ᠎ᠠ᠂ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠺᠣᠮᠫᠠᠨᠢ ᠶᠢᠨ ᠪᠦᠬᠦᠯᠢ ᠴᠣᠭᠴᠠ ᠶᠢᠨ ᠲᠦᠢᠮᠣ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠣᠨᠣᠰᠪᠠ᠃ 
2.jpg
             ᠭᠤᠤ ᠵᠧᠩ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠬᠢᠭᠤᠯᠤᠨ ᠬᠡᠷᠡᠭᠵᠢᠭᠦᠯᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ ᠮᠥᠨ᠂ ᠠᠯᠠᠱᠠ ᠪᠠᠷᠠᠭᠤᠨ ᠬᠤᠰᠢᠭᠤᠨ ᠤ ᠪᠠᠶᠢᠭᠠᠯᠢ ᠶᠢᠨ ᠬᠤᠵᠢᠷ ᠤᠨ ᠡᠬᠢ ᠪᠠᠶᠠᠯᠢᠭ ᠢ ᠭᠦᠨᠵᠡᠭᠡᠶ ᠨᠡᠭᠡᠭᠡᠨ ᠠᠰᠢᠭᠯᠠᠬᠤ ᠶᠢ ᠠᠬᠢᠭᠤᠯᠬᠤ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠰᠠᠶᠢᠲᠤᠷ ᠳᠡᠮᠵᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠲᠤᠷ ᠦᠢᠯᠡᠴᠢᠯᠡᠵᠦ᠂ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠭᠤᠣᠯᠳᠠᠯᠭ᠎ᠠ ᠲᠠᠢ᠂ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠲᠦᠷᠦᠯ ᠵᠦᠢᠯ ᠢ ᠤᠷᠤᠭᠰᠢᠲᠠᠢ ᠠᠬᠢᠭᠤᠯᠬᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠦᠨᠡᠨᠬᠦ ᠴᠢᠨᠠᠷ ᠰᠠᠶᠢᠲᠠᠢ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠤᠰᠬᠠᠢ ᠮᠡᠷᠭᠡᠵᠢᠯ ᠤᠨ ᠬᠦᠷᠢᠶ᠎ᠡ ᠪᠠᠨ ᠭᠦᠨᠵᠡᠭᠡᠶᠢᠷᠡᠭᠦᠯᠵᠦ ᠂ ᠪᠣᠬᠢᠷᠲᠤᠯ ᠦᠭᠡᠢ ᠴᠠᠬᠢᠯᠭᠠᠨ᠂ ᠨᠣᠭᠤᠭᠠᠨ ᠤᠰᠤᠲᠥ᠋ᠷᠥᠭᠴᠢ᠂ ᠨᠣᠭᠤᠭᠠᠨ ᠰᠢᠪᠲᠦᠷ ᠵᠡᠷᠭᠡ ᠴᠡᠪᠡᠷ ᠡᠨᠧᠷᠭᠢ ᠶᠢᠨ ᠬᠦᠷᠢᠶ᠎ᠡ ᠶᠢ ᠢᠳᠡᠪᠬᠢᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠴᠠᠬᠢᠭᠤᠷ ᠴᠢᠯᠠᠭᠤ ᠵᠡᠷᠭᠡ ᠡᠯᠪᠡᠭ ᠪᠠᠶᠠᠯᠢᠭ ᠡᠬᠢ ᠪᠠᠶᠠᠯᠢᠭ ᠲᠠᠢ ᠤᠶᠠᠯᠳᠤᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠯᠠᠱᠠ ᠪᠠᠷᠠᠭᠤᠨ ᠬᠤᠰᠢᠭᠤᠨ ᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠥᠭᠵᠢᠯᠲᠡ ᠳᠤ ᠥᠷᠭᠡᠨ ᠢᠶᠠᠷ ᠣᠷᠣᠯᠴᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ 
3.jpg
           ᠳᠡᠳ᠋ ᠬᠤᠰᠢᠭᠤᠨ ᠳᠠᠷᠤᠭ᠎ᠠ ᠫᠠᠨ ᠼᠦᠨ ᠵᠢᠶᠦ᠋ᠨ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂  ᠲᠠᠩᠰᠤᠭᠪᠤᠯᠠᠭ ᠰᠤᠮᠤ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号