9 ᠰᠠᠷ᠎ᠠ ᠶᠢᠨ 30 ᠤ ᠡᠳᠦᠷ ᠠᠴᠠ 10 ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠵᠢᠴᠢ ᠬᠤᠷᠢᠳᠤᠭᠠᠷ | ᠬᠤᠭᠤᠴᠠᠭᠠᠨ ᠤ ᠪᠠᠳᠠᠢ ᠶᠢᠨ ᠵᠢᠷᠠᠨ ᠤ ᠡᠯᠡᠰᠦᠨ ᠴᠦᠯ ᠤᠨ ᠰᠣᠶᠣᠯ ᠵᠢᠭᠤᠯᠴᠢᠯᠠᠯ ᠤᠨ ᠨᠠᠶᠢᠷ᠂ 19 ᠳ᠋ᠦ᠋ᠭᠡᠷ | ᠬᠤᠭᠤᠴᠠᠭᠠᠨ ᠤ ︽ᠬᠡᠭᠡᠷᠡᠯᠡᠨ ᠠᠶᠠᠯᠠᠬᠤ e ᠠᠩᠭᠢ︾ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠠᠯᠠᠱᠠ | ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠳᠤ ᠶᠠᠪᠤᠭᠳᠠᠵᠤ᠂ ᠥᠷᠭᠡᠨ ᠣᠯᠠᠨ ᠬᠡᠭᠡᠷᠡᠯᠡᠬᠦ ᠪᠠᠭ᠋ᠠᠲᠠᠳ | ᠴᠦ ᠬᠥᠮᠦᠰ ᠤᠨ ᠰᠡᠳᠬᠢᠯ ᠢ ᠬᠠᠮᠤᠭ ᠠᠴᠠ ᠳᠣᠭᠳᠣᠯᠤᠭᠤᠯᠤᠮ᠎ᠠ ᠪᠠᠳᠠᠶ ᠶᠢᠨ 100 ᠡᠴᠦᠰ ᠤᠨ ᠪᠠᠶᠢᠯᠳᠤᠭᠠᠨ ᠢ | ᠤᠭᠲᠤᠬᠤ ᠪᠣᠯᠤᠨ᠎ᠠ᠃ ᠣᠳᠣᠬᠠᠨ ᠳᠤ᠂ ᠡᠯ᠎ᠡ ᠵᠦᠢᠯ ᠤᠨ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ | ᠪᠠᠶᠢᠨ᠎ᠠ᠃ | | | | | | ᠰᠤᠷᠪᠤᠯᠵᠢᠯᠠᠭᠴᠢ ᠮᠠᠰᠢᠨ ᠲᠡᠷᠭᠡ ᠪᠠᠷ ᠪᠠᠳᠠᠶ ᠶᠢᠨ ᠵᠢᠷᠠᠨ ᠪᠠᠯᠭᠠᠰᠤᠨ ᠤ ᠲᠣᠭᠤᠷᠢᠭ ᠤᠨ ᠮᠠ ᠱᠠᠨ ᠵᠢᠩ | ᠲᠡᠷᠭᠡᠨ ᠤ ᠰᠠᠭᠤᠷᠢᠨ ᠭᠠᠵᠠᠷ ᠲᠤ ᠭᠦᠷᠭᠦ ᠳᠤ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠳᠤ ᠤᠷᠤᠯᠳᠤᠭᠠᠨ ᠤ ᠲᠤᠭ | ᠲᠡᠮᠳᠡᠭ ᠪᠠ ᠬᠥᠨᠳᠡᠯᠡᠨ ᠪᠢᠴᠢᠭᠡᠰᠦ ᠪᠠᠷ ᠳᠦᠭᠦᠷᠴᠦ᠂ ᠡᠯ᠎ᠡ ᠵᠦᠢᠯ ᠤᠨ ᠬᠡᠭᠡᠷᠡᠯᠡᠨ ᠠᠶᠠᠯᠠᠬᠤ ᠲᠡᠷᠭᠡ᠂ ᠲᠡᠷᠭᠡ | ᠤᠷᠤᠯᠳᠤᠨ ᠳᠠᠪᠬᠢᠵᠤ ᠪᠠᠶᠢᠬᠤ ᠶᠢ ᠦᠵᠡᠭᠡᠳ ᠲᠡᠳᠡ ᠤᠷᠤᠯᠳᠤᠭᠠᠨ ᠳᠤ ᠤᠷᠤᠯᠴᠠᠭᠰᠠᠳ ᠤᠨ ᠨᠠᠶᠢᠵᠠ | ᠪᠣᠯᠬᠤ ᠪᠠᠷ ᠪᠠᠷᠠᠬᠤ ᠥᠬᠡᠶ᠂ ᠨᠠᠩ ᠴᠤ ᠵᠢᠵᠢᠭ ᠪᠠᠯᠭᠠᠰᠤᠨ ᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ | ᠪᠣᠯᠤᠭᠰᠠᠨ ᠪᠠᠶᠢᠨ᠎ᠠ᠃ ᠬᠤᠭᠤᠯᠠᠨ ᠭᠡᠷ᠂ ᠪᠠᠭᠤᠳᠠᠯ᠂ ᠰᠡᠯᠪᠢᠨ ᠵᠠᠰᠠᠬᠤ ᠭᠠᠵᠠᠷ ᠁ ᠤᠳᠠᠯ ᠦᠭᠡᠢ ᠬᠦᠷᠴᠦ | ᠢᠷᠡᠬᠦ ᠭᠡᠵᠦ ᠪᠠᠶᠢᠭ᠎ᠠ ᠤᠯᠤᠰ ᠤᠨ ᠪᠠᠶᠠᠷ ᠤᠨ ᠪᠠᠶᠠᠷ ᠤᠨ ᠡᠳᠦᠷ ᠤᠨ ᠪᠡᠯᠡᠳᠬᠡᠯ ᠬᠢᠵᠦ᠂ ᠰᠠᠭᠤᠭᠠᠯᠢ ᠠᠷᠠᠳ | ᠲᠡᠳᠡᠨ ᠤ ᠣᠨᠴᠠᠭᠠᠢ ᠬᠡᠯᠪᠡᠷᠢ ᠪᠠᠷ ᠨᠠᠢᠮᠠᠨ ᠵᠣᠪᠬᠢᠰ ᠤᠨ ᠵᠣᠴᠢᠳ ᠢ ᠤᠭᠲᠤᠨ᠎ᠠ᠃ | | | | | ᠯᠤᠤ ᠰᠧ ᠴᠤᠸᠠᠨ ᠢᠳᠡᠭᠡᠨ ᠤᠮᠳᠠᠭᠠᠨ ᠡᠵᠡᠩᠨᠡᠭᠴᠢ ᠴᠢᠩ ᠴᠢᠩ | ᠬᠡᠳᠦᠨ ᠡᠳᠦᠷ ᠥᠩᠭᠡᠷᠡᠪᠡᠯ ᠤᠯᠤᠰ ᠪᠠᠶᠢᠭᠤᠯᠤᠭᠳᠠᠭᠰᠠᠨ ᠪᠠᠶᠠᠷ ᠪᠣᠯᠬᠤ ᠪᠥᠭᠡᠳ ᠪᠠᠰᠠ ᠴᠤ ᠬᠡᠭᠡᠷᠡᠯᠡᠨ | ᠠᠶᠠᠯᠠᠬᠤ ᠤᠷᠤᠯᠳᠤᠭᠠᠨ ᠤ ᠣᠷᠭᠢᠯ ᠤᠨ ᠬᠤᠭᠤᠴᠠᠭ᠎ᠠ ᠪᠣᠯᠤᠨ᠎ᠠ᠂ ᠡᠯ᠎ᠡ ᠭᠠᠵᠠᠷ ᠤᠨ ᠵᠤᠭᠠᠴᠠᠭᠰᠠᠳ ᠲᠤ | ᠲᠤᠬᠠᠶ ᠶᠢᠨ ᠭᠠᠵᠠᠷ ᠤᠨ ᠣᠨᠴᠠᠯᠢᠭᠲᠤ ᠠᠮᠲᠠᠲᠤ ᠢᠳᠡᠭᠡᠨ ᠢ ᠠᠮᠲᠠᠯᠠᠭᠤᠯᠬᠤ ᠶᠢᠨ ᠲᠥᠯᠥᠭᠡ᠂ ᠪᠢᠳᠡ ᠠᠯᠢ ᠡᠷᠲᠡ | ᠨᠣᠭᠤᠭ᠎ᠠ ᠶᠢᠨ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ᠂ ᠬᠠᠮᠤᠭ ᠤᠨ ᠰᠢᠨ᠎ᠡ ᠰᠣᠷᠭᠤᠭ ᠢᠳᠡᠭᠡᠨ ᠤ | ᠮᠠᠲ᠋ᠧᠷᠢᠶᠠᠯ ᠪᠣᠯᠤᠨ ᠪᠦᠷᠢᠨ ᠭᠦᠢᠴᠡᠳ ᠦᠢᠯᠡᠴᠢᠯᠡᠭᠡ ᠪᠠᠷ ᠡᠯ᠎ᠡ ᠭᠠᠵᠠᠷ ᠤᠨ ᠵᠤᠭᠠᠴᠠᠭᠰᠠᠳ ᠢ ᠪᠠᠶᠠᠷ | ᠪᠠᠶᠠᠰᠬᠤᠯᠠᠩ ᠲᠠᠢ ᠪᠠᠷ ᠤᠭᠳᠤᠨ ᠠᠪᠬᠤ ᠪᠠᠷ ᠪᠡᠯᠭᠡᠨ ᠪᠠᠶᠢᠨ᠎ᠠ᠃ | | | | | ᠡᠨᠡ ᠬᠤᠶᠠᠷ ᠡᠳᠦᠷ᠂ ᠡᠯ᠎ᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ | ᠂ ᠡᠴᠦᠰ ᠤᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠬᠢᠵᠦ᠂ ᠠᠵᠢᠯᠯᠠᠭ᠎ᠠ ᠶᠢᠨ ᠶᠠᠪᠤᠴᠠ ᠶᠢ ᠡᠮᠬᠢᠯᠡᠬᠦ᠂ ᠠᠮᠤᠷ ᠢ | ᠬᠠᠮᠠᠭᠠᠯᠠᠬᠤ ᠠᠷᠭ᠎ᠠ ᠬᠡᠮᠵᠢᠶ᠎ᠡ ᠶᠢᠨ ᠪᠠᠶᠢᠷᠢᠯᠠᠭᠤᠯᠤᠯᠲᠠ ᠠᠴᠠ ᠴᠠᠬᠢᠯᠭᠠᠨ ᠬᠦᠴᠦ᠂ ᠡᠮ ᠡᠮᠨᠡᠯᠭᠡ ᠶᠢᠨ | ᠪᠠᠲᠤᠯᠠᠭ᠎ᠠ ᠶᠢᠨ ᠲᠥᠯᠥᠪᠵᠢᠭᠦᠯᠭᠡ ᠬᠦᠷᠲᠡᠯ᠎ᠡ᠂ ᠠᠵᠢᠯ ᠨᠢᠭᠡᠪᠦᠷᠢ ᠨᠢ ᠴᠥᠮ ᠨᠠᠷᠢᠨ ᠨᠢᠮᠪᠠᠶ ᠪᠠᠶᠢᠳᠠᠭ᠃ | | | | | ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠯᠠᠱᠠ ᠪᠠᠷᠠᠭᠤᠨ ᠬᠤᠰᠢᠭᠤᠨ ᠤ ᠴᠠᠬᠢᠯᠭᠠᠨ | ᠬᠠᠩᠭᠠᠬᠤ ᠺᠣᠮᠫᠠᠨᠢ ᠶᠢᠨ ᠳᠡᠳ᠋ ᠳᠠᠭᠠᠭᠠᠮᠠᠯ ᠲᠠᠩ ᠰᠢᠶᠤᠤ ᠳ᠋ᠦᠩ | ᠲᠣᠰ ᠤᠳᠠᠭᠠᠨ ᠤ ᠪᠠᠶᠠᠷ ᠤᠨ ᠬᠤᠭᠤᠴᠠᠭᠠᠨ ᠳᠤ᠂ ᠴᠠᠬᠢᠯᠭᠠᠨ ᠤ ᠲᠣᠤᠷ ᠤᠨ ᠠᠮᠤᠷ ᠲᠦᠪᠰᠢᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠪᠢᠳᠡ ᠣᠯᠠᠨ ᠡᠭᠡᠯᠵᠢ ᠶᠢᠨ ᠲᠥᠬᠦᠭᠡᠷᠦᠮᠵᠢ ᠶᠢ | ᠪᠠᠶᠢᠴᠠᠭᠠᠨ ᠵᠠᠰᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠤᠷᠠᠯ ᠤᠨ ᠲᠠᠯᠠᠪᠠᠶ ᠶᠢᠨ ᠴᠠᠬᠢᠯᠭᠠᠨ ᠬᠦᠷᠭᠡᠬᠦ | ᠱᠤᠭᠤᠮ ᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠬᠤ ᠪᠠ ᠬᠠᠮᠠᠭᠠᠯᠠᠪᠠ᠃ ᠡᠭᠦᠨ ᠤ ᠬᠠᠮᠲᠤ᠂ ᠪᠢᠳᠡ ᠪᠠᠰᠠ | ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠬᠦ ᠪᠠ ᠵᠠᠪᠳᠤᠨ ᠵᠠᠰᠠᠬᠤ ᠬᠦᠴᠦᠨ ᠢ ᠴᠢᠩᠭᠠᠳᠬᠠᠵᠤ᠂ ᠰᠠᠭᠠᠳ ᠭᠠᠷᠪᠠᠯ | ᠳᠠᠷᠤᠶ ᠲᠦᠷᠭᠡᠨ ᠳᠠᠭᠠᠵᠤ᠂ ᠲᠦᠷᠭᠡᠨ ᠰᠢᠢᠳᠪᠦᠷᠢᠯᠡᠬᠦ ᠶᠢ ᠦᠨᠡᠨ ᠬᠦ ᠪᠠᠳᠤᠯᠠᠨ᠎ᠠ᠃ | | | | | ᠠᠯᠠᠱᠠ ᠪᠠᠷᠠᠭᠤᠨ ᠬᠤᠱᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ | ᠭᠡᠱᠢᠭᠦᠨ ᠸᠠᠩ ᠴᠢᠩ | ᠤᠯᠤᠰ ᠤᠨ ᠪᠠᠶᠠᠷ ᠤᠨ ᠬᠤᠭᠤᠴᠠᠭᠠᠨ ᠳᠤ᠂ ᠪᠢᠳᠡ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠵᠡᠭᠡᠯᠢ ᠭᠤᠳᠤᠮᠵᠢ ᠶᠢᠨ ᠰᠡᠷᠡᠮᠵᠢ ᠶᠢᠨ ᠨᠤᠷᠮ᠎ᠠ ᠶᠢ ᠳᠡᠭᠡᠭᠰᠢᠯᠡᠭᠦᠯᠦᠨ᠂ | ᠭᠡᠨᠡᠳᠲᠡ ᠶᠢᠨ ᠪᠠᠶᠢᠳᠠᠯ ᠡᠭᠦᠰᠪᠡᠯ ᠲᠦᠷᠭᠡᠨ ᠲᠤᠰᠬᠠᠵᠤ ᠲᠦᠷᠭᠡᠨ ᠰᠢᠢᠳᠪᠦᠷᠢᠯᠡᠬᠦ ᠶᠢ ᠪᠠᠳᠤᠯᠠᠨ᠎ᠠ᠃ ᠡᠭᠦᠨ ᠤ | ᠬᠠᠮᠲᠤ᠂ ᠪᠢᠳᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠵᠢᠱᠢᠶᠡᠯᠡᠪᠡᠯ | ᠪᠠᠭᠠᠲᠤᠷᠴᠤᠳ ᠤᠨ ᠬᠤᠷᠠᠯ ᠤᠨ ᠲᠠᠯᠠᠪᠠᠢ᠂ ᠬᠤᠳᠠᠯᠳᠤᠭᠠᠨ ᠤ ᠲᠥᠪ᠂ ᠵᠠᠮ ᠬᠠᠷᠢᠯᠴᠠᠭᠠᠨ ᠤ ᠬᠦᠢᠰᠦ ᠵᠡᠷᠭᠡ ᠳᠤ | ᠴᠢᠭᠯᠡᠭᠦᠯᠦᠨ᠂ ᠲᠤᠰᠬᠠᠶ ᠴᠠᠭᠳᠠᠭᠠᠨ ᠤ ᠬᠦᠴᠦᠨ ᠢ ᠪᠠᠶᠢᠷᠢᠯᠠᠭᠤᠯᠤᠨ ᠲᠣᠬᠢᠷᠠᠭᠤᠯᠵᠤ᠂ ᠬᠥᠮᠦᠨ ᠤ ᠤᠷᠤᠰᠬᠠᠯ᠂ | ᠲᠡᠷᠭᠡᠨ ᠤ ᠤᠷᠤᠰᠬᠠᠯ ᠢ ᠡᠮᠬᠢ ᠵᠢᠷᠤᠮ ᠲᠠᠢ ᠪᠠᠷ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠲᠦᠭᠵᠢᠷᠡᠯ ᠵᠡᠷᠭᠡ | ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠪᠡ᠃ | | | | | ᠰᠣᠩᠭᠤᠳᠠᠭ ᠪᠠ ᠣᠷᠭᠢᠯᠤᠮ᠎ᠠ ᠰᠡᠳᠭᠢᠯᠭᠡ ᠶᠢ ᠵᠡᠷᠭᠡ ᠪᠠᠷ ᠬᠠᠳᠠᠭᠠᠯᠠᠭᠰᠠᠨ ᠭᠡᠭᠡᠷᠯᠡᠭᠦ ᠤᠷᠤᠯᠳᠤᠭᠠᠨ᠂ | ᠤᠷᠤᠰᠭᠠᠯ ᠢ ᠳᠠᠭᠠᠭᠤᠯᠬᠤ ᠮᠠᠰᠢᠨ ᠲᠡᠷᠭᠡᠨ ᠤ ᠦᠵᠡᠰᠭᠦᠯᠡᠩ ᠪᠣᠯᠤᠨ ᠨᠡᠷᠡᠲᠦ ᠲᠡᠮᠳᠡᠭ ᠤᠨ ᠦᠢᠯᠡᠳᠦᠯ ᠨᠢ ᠮᠠᠰᠢ | ᠭᠤᠶᠣ ᠤᠶᠠᠯᠳᠤᠵᠤ᠂ ᠡᠨᠡ ᠬᠦ ᠤᠯᠤᠰ ᠤᠨ ᠪᠠᠶᠠᠷ ᠤᠨ ᠠᠮᠠᠷᠠᠯᠲᠠ ᠳᠤ ᠦᠵᠡᠭᠦ ᠴᠡᠭ ᠭᠦᠢᠴᠡᠳ ᠪᠠᠶᠢᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠮᠢᠩᠭᠠᠨ ᠲᠣᠰᠬᠤᠨ ᠵᠠᠭᠤᠨ ᠲᠠᠯᠠᠪᠤᠷ ᠲᠣᠭᠤᠷᠢᠨ ᠲᠣᠭᠯᠠᠯᠲᠠ | ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠠᠵᠢᠯᠯᠠᠭ᠎ᠠ ᠶᠢᠨ | ᠬᠤᠭᠤᠴᠠᠭᠠᠨ ᠳᠤ ᠨᠠᠷᠢᠨ ᠨᠢᠮᠪᠠᠶ ᠤᠬᠠᠭᠠᠯᠠᠨ ᠰᠡᠳᠦᠵᠦ᠂ ᠨᠠᠢᠮᠠᠨ ᠵᠣᠪᠬᠢᠰ ᠤᠨ ᠵᠢᠭᠤᠯᠴᠢᠯᠠᠭᠴᠢᠳ ᠵᠢᠴᠢ ᠲᠡᠷᠭᠡ | ᠤᠷᠤᠯᠳᠤᠭᠴᠢ ᠳᠤ ᠤᠷᠢᠳ ᠡᠮᠦᠨ᠎ᠡ ᠪᠠᠶᠢᠭ᠎ᠠ ᠦᠭᠡᠢ ᠭᠦᠨ ᠵᠤᠵᠠᠭᠠᠨ ᠬᠠᠶᠢᠷ᠎ᠠ ᠬᠠᠯᠠᠮᠵᠢ ᠶᠢᠨ ᠨᠠᠶᠢᠷ ᠢ ᠪᠠᠶᠢᠭᠤᠯᠵᠤ | ᠥᠭᠬᠦ ᠶᠢᠨ ᠲᠥᠯᠥᠭᠡ ᠶᠤᠮ᠃ | | | | ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠳ᠋ᠦᠩ ᠮᠧᠶ | ᠲᠣᠰ ᠤᠳᠠᠭᠠᠨ ᠤ ᠠᠵᠢᠯᠯᠠᠭ᠎ᠠ ᠶᠢ ᠦᠷ᠎ᠡ ᠪᠦᠲᠦᠮᠵᠢ ᠭᠠᠷᠭᠠᠵᠤ ᠥᠪᠡᠷᠮᠢᠴᠡ ᠣᠨᠴᠠᠯᠢᠭ ᠪᠣᠯᠭᠠᠬᠤ ᠶᠢᠨ | ᠲᠥᠯᠥᠭᠡ᠂ ᠮᠠᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ | ᠠᠭᠤᠯᠭ᠎ᠠ ᠲᠠᠢ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠵᠦ᠂ ᠠᠷᠠᠳ ᠤᠨ ᠵᠠᠩ ᠦᠢᠯᠡ ᠶᠢᠨ | ᠰᠣᠶᠣᠯ ᠤᠨ ᠦᠵᠡᠭᠦᠯᠦᠯᠭᠡ ᠶᠢᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠢᠳᠡᠭᠡᠨ ᠤᠮᠳᠠᠭᠠᠨ ︽ | ᠠᠯᠠᠱᠠ ᠶᠢᠨ ᠦᠨᠦᠷ ᠠᠮᠲᠠ︾ ᠵᠢᠴᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠦᠵᠡᠭᠦᠯᠭᠡ | ᠵᠡᠷᠭᠡ ᠶᠢ ᠭᠠᠷᠭᠠᠵᠤ᠂ ᠠᠵᠢᠯᠯᠠᠭ᠎ᠠ ᠨᠢᠭᠡᠪᠦᠷᠢ ᠨᠢ ᠵᠢᠭᠤᠯᠴᠢᠯᠠᠭᠴᠢᠳ ᠲᠤ ᠪᠠᠶᠠᠷ ᠪᠠᠶᠠᠰᠤᠯ ᠬᠦᠷᠲᠡᠭᠡᠬᠦ ᠶᠢᠨ ᠬᠠᠮᠲᠤ | ᠲᠤᠬᠠᠶ ᠶᠢᠨ ᠭᠠᠵᠠᠷ ᠤᠨ ᠰᠣᠶᠣᠯ ᠤᠨ ᠠᠭᠤᠯᠬᠤᠨ ᠪᠠ ᠲᠡᠤᠬᠡ ᠶᠢᠨ ᠤᠯᠠᠮᠵᠢᠯᠠᠯ ᠢ ᠭᠦᠨᠵᠡᠭᠡᠶ ᠮᠡᠳᠡᠷᠡᠭᠦᠯᠬᠦ ᠪᠠᠷ | ᠴᠢᠷᠮᠠᠶᠢᠵᠤ ᠪᠠᠶᠢᠨ᠎ᠠ᠃ | |