9 ᠰᠠᠷ᠎ᠠ ᠶᠢᠨ 3 ᠳᠤ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠤᠯ ᠲᠤᠭᠤᠶᠢᠯᠠᠩ 2024 ᠤᠨ ᠤ ᠠᠷᠪᠠᠨ ᠨᠢᠭᠡᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠬᠢᠵᠦ᠂ ︽ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ | ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠠᠢ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠬᠤᠰᠢᠭᠤ | ᠲᠠᠷᠤᠭ᠎ᠠ ᠵᠢᠶᠠᠩ ᠪᠢᠩ ᠵᠢᠶᠧ ᠬᠤᠷᠠᠯ ᠡᠷᠬᠢᠯᠡᠨ ᠶᠠᠷᠢᠶ᠎ᠠ ᠲᠠᠯᠪᠢᠵᠦ᠂ ᠶᠠᠩ ᠯᠢ ᠶᠦᠨ᠂ ᠰᠦᠨ ᠭᠠᠩ ᠳ᠋ᠧ᠂ ᠶᠠᠩ | ᠱᠣᠣ ᠴᠦᠨ ᠵᠡᠷᠭᠡ ᠬᠤᠰᠢᠭᠤᠨ ᠳᠤ ᠪᠠᠶᠢᠭ᠎ᠠ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ | ᠲᠤᠭᠤᠶᠢᠯᠠᠩ ᠤᠨ ᠪᠦᠷᠢᠯᠳᠦᠭᠦᠨ ᠭᠡᠰᠢᠭᠦᠨ ᠰᠤᠷᠤᠯᠴᠠᠯᠭ᠎ᠠ ᠳᠤ ᠤᠷᠤᠯᠴᠠᠭᠰᠠᠨ ᠪᠠᠶᠢᠨ᠎ᠠ᠃ | ᠲᠠᠶᠢᠯᠪᠤᠷᠢ᠄ | ᠬᠤᠷᠠᠯ ᠲᠡᠭᠡᠷ᠎ᠡ᠂ ᠶᠠᠩ ᠯᠢ ᠶᠦᠨ᠂ ᠰᠦᠨ ᠭᠠᠩ ᠳ᠋ᠧ᠂ ᠸᠠᠩ ᠳ᠋ᠥᠸᠧ᠂ ᠰᠢᠦᠢ ᠰᠢᠤᠸᠠᠢ ᠹᠧᠩ᠂ | ᠬᠤᠤ ᠱᠢ ᠸᠧᠢ᠂ ᠯᠢ ᠱᠧᠦ ᠹᠦ᠋ ᠵᠢᠷᠭᠤᠭᠠᠨ ᠨᠦᠬᠦᠷ ᠠᠴᠠ ᠦᠵᠡᠯ ᠰᠠᠨᠠᠭ᠎ᠠ ᠪᠠᠨ ᠪᠤᠳᠠᠳᠠᠢ ᠠᠵᠢᠯ ᠲᠠᠢ ᠪᠠᠨ | ᠤᠶᠠᠯᠳᠤᠭᠤᠯᠬᠤ ᠲᠤᠭᠤᠷᠢᠨ ᠳᠤ ᠤᠶᠢᠯᠠᠭᠠᠯᠳᠡ ᠲᠦᠷᠦᠭᠳᠡᠯ ᠢᠶᠠᠨ ᠰᠤᠯᠢᠯᠴᠠᠵᠠᠢ᠃ ᠵᠢᠶᠠᠩ ᠪᠢᠩ ᠵᠢᠶᠧ ᠬᠡᠯᠡᠭᠰᠡᠨ | ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠠᠶᠢᠮᠠᠭ ᠤᠨ | ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ | ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠬᠠᠷᠠᠯᠲᠠᠲᠤ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢᠨ ᠲᠣᠭᠤᠷᠢᠨ ᠳᠤ᠂ ᠪᠣᠳᠠᠲᠠᠢ ᠳᠤ ᠰᠠᠭᠤᠷᠢᠯᠠᠨ᠂ ᠨᠢᠭᠡ | ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠶᠢ | ᠬᠠᠩᠭᠠᠨ᠎ᠠ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠲᠣᠬᠢᠶᠠᠯ ᠪᠣᠯᠭᠠᠵᠤ᠂ | ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠶᠤᠯᠭᠦᠢ ᠦᠢᠯᠡᠳᠪᠦᠷᠢᠯᠡᠯ᠂ | ᠥᠷᠢ ᠥᠭᠴᠡᠭᠡ ᠶᠢ ᠠᠷᠢᠯᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ᠂ ᠪᠦᠬᠦ | ᠬᠦᠴᠦᠨ ᠢᠶᠠᠷ ᠢᠶᠠᠨ ᠨᠡᠮᠡᠭᠳᠡᠯ ᠢ ᠲᠣᠭᠲᠠᠭᠤᠨ᠂ ᠲᠦᠭᠰᠢᠭᠦᠷᠢ ᠶᠢ ᠰᠡᠷᠭᠡᠶᠢᠯᠡᠨ᠂ ᠠᠷᠠᠳ ᠤᠨ ᠠᠮᠢᠳᠤᠷᠠᠯ ᠢ | ᠪᠠᠲᠤᠯᠠᠬᠤ ᠪᠠᠷ ᠴᠢᠷᠮᠠᠶᠢᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠲᠠᠯᠪᠢᠨ᠎ᠠ᠃ ᠨᠠᠮ ᠤᠨ ᠭᠡᠰᠢᠭᠦᠨ ᠤᠳᠤᠷᠢᠳᠬᠤ ᠺᠠᠳ᠋ᠷ ᠰᠤᠷᠲᠠᠯ ᠢᠶᠠᠨ ᠬᠤᠪᠢᠷᠠᠭᠤᠯᠤᠨ᠂ ᠴᠢᠳᠠᠮᠠᠭᠠᠢ ᠪᠠᠷ | ᠬᠠᠷᠢᠭᠤᠴᠠᠯᠭ᠎ᠠ ᠡᠭᠦᠷᠭᠡᠯᠡᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠭᠦᠯᠡᠨ ᠤᠬᠠᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ | ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠤᠨ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ᠂ ᠠᠵᠢᠯ ᠤᠨ ᠪᠣᠳᠠᠲᠤ | ᠠᠮᠵᠢᠯᠲᠠ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠰᠦᠷᠦᠯᠲᠡ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠎ᠡ ᠭᠡᠵᠦ ᠬᠡᠯᠡᠭᠰᠡᠨ ᠪᠠᠶᠢᠨ᠎ᠠ᠃ | | | | | |