| ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ | ᠨᠠᠮ ᠤᠨ ᠭᠡᠰᠢᠭᠦᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠵᠡᠯ ᠰᠠᠨᠠᠭᠠᠨ ᠤ ᠤᠬᠠᠮᠰᠠᠷ ᠪᠣᠯᠣᠨ ᠤᠯᠤᠰ | ᠲᠦᠷᠦ ᠶᠢᠨ ᠤᠨᠤᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠵᠥᠪ ᠣᠨᠣᠪᠴᠢᠲᠠᠢ ᠬᠦᠰᠡᠯᠡᠩ ᠢᠲᠡᠭᠡᠯ | ᠪᠢᠰᠢᠷᠡᠯ ᠢ ᠪᠤᠢ ᠪᠣᠯᠭᠠᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠲᠦᠯᠦᠭᠡ᠂ 8 | ᠰᠠᠷ᠎ᠠ ᠶᠢᠨ 30 ᠤ ᠡᠳᠦᠷ᠂ ᠪᠠᠳᠠᠶ ᠶᠢᠨ ᠵᠢᠷᠠᠨ ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ︽ᠵᠢᠵᠢᠭ | ᠰᠠᠨᠳᠠᠯᠢ︾ ᠤᠬᠠᠭᠤᠯᠤᠨ ᠲᠠᠶᠢᠯᠪᠤᠷᠢᠯᠠᠬᠤ ᠠᠩᠭᠢ ᠰᠠᠭᠤᠭᠠᠯᠢ ᠠᠷᠠᠳ ᠤᠨ ᠰᠣᠨᠣᠰᠴᠤ ᠣᠶᠢᠯᠠᠭᠠᠬᠤ ᠬᠡᠯᠪᠡᠷᠢ ᠪᠠᠷ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠦᠨᠳᠦᠰᠦᠨ ᠱᠠᠲᠤᠨ ᠳᠤ ᠰᠣᠯᠢᠯᠴᠠᠨ ᠶᠠᠷᠢᠯᠴᠠᠪᠠ᠃ | | | | | | | ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠭᠦᠳ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠴᠢᠬᠤᠯᠠ ᠶᠡᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠨᠠᠢᠮᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ 4 ᠲᠠᠯ᠎ᠠ ᠶᠢᠨ | ᠲᠣᠭᠤᠷᠢᠨ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠲᠠᠶᠢᠯᠪᠤᠷᠢᠯᠠᠬᠤ ᠪᠠ ᠭᠦᠨᠵᠡᠭᠡᠶ ᠲᠠᠶᠢᠯᠪᠤᠷᠢᠯᠠᠪᠠ᠃ ᠪᠠᠰᠠ ᠬᠠᠷᠢᠯᠴᠠᠨ | ᠰᠣᠯᠢᠯᠴᠠᠬᠤ᠂ ᠣᠯᠤᠯᠲᠠ ᠲᠥᠷᠥᠭᠳᠡᠯ ᠢᠶᠠᠨ ᠬᠤᠪᠢᠶᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠤ | ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠤᠨ᠂ | ᠬᠥᠭᠵᠢᠯᠲᠡ ᠶᠢᠨ ᠢᠲᠡᠭᠡᠯ ᠢᠶᠠᠨ ᠪᠠᠳᠤᠳᠬᠠᠭᠰᠨ ᠪᠠᠶᠢᠨ᠎ᠠ᠃ ᠡᠭᠦᠨ ᠤ ᠬᠠᠮᠲᠤ ᠨᠠᠰᠤ ᠦᠨᠳᠦᠷ ᠪᠡᠶ᠎ᠡ ᠮᠠᠭᠤᠳᠠᠭᠰᠠᠨ | ᠨᠠᠮ ᠤᠨ ᠭᠡᠰᠢᠭᠦᠨ ᠳᠤ ᠴᠢᠭᠯᠡᠭᠦᠯᠦᠨ ᠰᠤᠷᠤᠯᠴᠠᠯᠭ᠎ᠠ ᠶᠢ ᠭᠡᠷ ᠲᠤᠨᠢ ᠬᠦᠷᠭᠡᠵᠦ᠂ ᠭᠠᠳᠠᠭᠰᠢ ᠭᠠᠷᠣᠭᠰᠠᠨ ᠨᠡᠭᠦᠳᠡᠯ | ᠨᠠᠮ ᠤᠨ ᠭᠡᠰᠢᠭᠦᠨ ᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢ ᠪᠠᠲᠤᠯᠠᠵᠤ᠂ ᠪᠦᠬᠦ ᠨᠠᠮ ᠤᠨ ᠭᠡᠰᠢᠭᠦᠨ ᠤ ︽ | ᠰᠦᠯᠵᠢᠶᠡᠨ ᠳᠡᠭᠡᠷᠡᠬᠢ ᠪᠠ ᠰᠦᠯᠵᠢᠶᠡᠨ ᠳᠣᠣᠷᠠᠭᠢ︾ ᠴᠠᠭ ᠲᠤᠬᠠᠢ ᠳᠤᠨᠢ ᠰᠤᠷᠣᠯᠴᠠᠬᠤ᠂ ᠵᠡᠷᠭᠡᠪᠡᠷ | ᠰᠤᠷᠤᠯᠴᠠᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠤᠯᠠᠮᠵᠢᠯᠠᠨ | ᠲᠠᠷᠬᠠᠭᠠᠬᠤ ᠶᠢ ᠪᠠᠲᠤᠯᠠᠪᠠ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠷᠢᠶ᠎ᠠ ᠣᠷᠣᠨ ᠤ ᠥᠨᠴᠥᠭ ᠪᠤᠯᠤᠩ | ᠪᠣᠯᠭᠠᠨ ᠳᠤ ᠬᠦᠷᠭᠡᠵᠦ᠂ ᠨᠠᠮ ᠤᠨ ᠰᠠᠶᠢᠨ ᠲᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠬᠤ ᠶᠢᠨ | ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠪᠦᠯᠬᠦᠮᠳᠡᠯ ᠨᠡᠶᠢᠭᠡᠮ ᠲᠣᠭᠤᠷᠢᠭ ᠤᠨ ᠤᠬᠠᠭᠤᠯᠤᠨ | ᠲᠠᠶᠢᠯᠪᠤᠷᠢᠯᠠᠬᠤ ᠠᠩᠭᠢ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠳᠣᠣᠷᠠᠭᠢ ᠵᠠᠭᠪᠤᠷ ᠲᠠᠢ ᠤᠶᠠᠯᠳᠤᠭᠤᠯᠤᠨ᠂ ᠪᠥᠬᠦᠳᠡ ᠬᠤᠷᠠᠯ ᠤᠨ ᠵᠣᠷᠢᠭ | ᠰᠠᠨᠠᠭᠠᠨ ᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠮ ᠤᠨ ︽ᠰᠠᠶᠢᠨ | ᠳᠠᠭᠤᠨ᠂ ᠰᠠᠶᠢᠨ ᠲᠥᠷᠥ ᠶᠢᠨ ᠪᠣᠳᠣᠯᠭ᠎ᠠ︾ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ | ᠪᠠᠶᠢᠭᠤᠯᠤᠨ᠎ᠠ᠃ | | | | | | | | | | | | |