ᠴᠡᠷᠢᠭ ᠠᠴᠠ ᠬᠠᠯᠠᠭᠳᠠᠭᠰᠠᠳ ᠢ ᠬᠠᠯᠠᠮᠵᠢᠯᠠᠵᠤ ᠴᠠᠭᠠᠨ ᠰᠠᠷ᠎ᠠ ᠶᠢᠨ ᠲᠣᠬᠤᠨᠢᠭᠤᠯᠤᠯ ᠢᠶᠠᠷ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/1/10
    ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ᠂ 1 ᠰᠠᠷ᠎ᠠ ᠶᠢᠨ 8 ᠤ ᠡᠳᠦᠷ᠂ ᠠᠯᠳ᠋ᠬᠠᠤᠪᠤᠭ᠎ᠠ ᠪᠠᠯᠭᠠᠰᠤ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠷᠢᠨ ᠨᠢᠮᠪᠠᠶ ᠪᠡᠯᠡᠳᠬᠡᠭᠰᠡᠨ ᠲᠣᠬᠤᠨᠢᠭᠤᠯᠬᠤ ᠪᠣᠳᠠᠰ ᠪᠣᠯᠣᠨ ᠪᠠᠶᠠᠷ ᠤᠨ ᠡᠳᠦᠷ ᠤᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠵᠦ᠂ ᠴᠡᠷᠢᠭ ᠠᠴᠠ ᠬᠠᠯᠠᠭᠳᠠᠭᠰᠠᠳ ᠵᠢᠴᠢ ᠲᠡᠳᠡᠨ ᠤ ᠬᠡᠷ ᠪᠦᠯᠢ ᠶᠢᠨ ᠬᠢᠨ ᠢ ᠡᠷᠬᠢᠨ ᠦᠵᠡᠵᠦ ᠲᠣᠬᠤᠨᠢᠭᠤᠯᠪᠠ᠃ ᠠᠶᠢᠯ ᠪᠣᠯᠭᠠᠨ ᠳᠤ ᠬᠥᠷᠬᠦ ᠪᠦᠷᠢ᠂ ᠲᠣᠬᠤᠨᠢᠭᠤᠯᠤᠭᠴᠢ ᠶᠢᠨ ᠬᠢᠨ ᠴᠡᠷᠢᠭ ᠠᠴᠠ ᠬᠠᠯᠠᠭᠳᠠᠭᠰᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠵᠢᠴᠢ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠲᠡᠳᠡᠨ ᠤ ᠲᠡᠷᠡ ᠬᠦ ᠮᠠᠷᠲᠠᠭᠳᠠᠰᠢ ᠥᠬᠡᠶ ᠴᠡᠷᠢᠭ ᠠᠩᠭᠢ ᠶᠢᠨ ᠠᠮᠢᠳᠤᠷᠠᠯ ᠢ ᠶᠠᠷᠢᠬᠤ ᠶᠢ ᠨᠠᠷᠢᠨ ᠬᠢᠨᠠᠮᠠᠭᠠᠶ ᠰᠣᠨᠣᠰᠴᠤ᠂ ᠲᠡᠳᠡᠨ ᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃
1.jpg
    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠴᠡᠷᠢᠭ ᠤᠨ ᠠᠯᠪᠠᠨ ᠠᠴᠠ ᠪᠠᠭᠤᠭᠰᠠᠳ ᠲᠤ ᠡᠳ᠋ ᠪᠣᠳᠠᠰ ᠤᠨ ᠲᠠᠯ᠎ᠠ ᠶᠢᠨ ᠬᠠᠯᠠᠮᠵᠢᠯᠠᠯ ᠬᠦᠷᠭᠡᠭᠰᠡᠨ ᠢᠶᠠᠷ ᠪᠠᠷᠠᠬᠤ ᠥᠬᠡᠶ᠂ ᠨᠠᠩ ᠴᠤ ᠲᠡᠳᠡᠨ ᠳᠤ ᠣᠶᠤᠨ ᠰᠠᠨᠠᠭᠠᠨ ᠤ ᠲᠠᠯ᠎ᠠ ᠶᠢᠨ ᠲᠠᠶᠢᠳᠬᠤᠷᠠᠭᠤᠯᠤᠯ ᠪᠠ ᠵᠣᠷᠢᠭᠵᠢᠭᠤᠯᠤᠯ ᠣᠯᠭᠤᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠳᠡᠨ ᠢ ᠬᠠᠯᠠᠮᠵᠢᠯᠠᠨ ᠬᠠᠯᠠᠮᠵᠢᠯᠠᠵᠤ ᠪᠠᠶᠢᠬᠤ ᠶᠢ ᠮᠡᠳᠡᠷᠡᠭᠦᠯᠪᠡ᠃
2.jpg
    ᠲᠠᠷᠠᠭᠠᠴᠢ ᠶᠢᠨ ᠠᠯᠬᠤᠮ ᠳᠤ᠂ ᠠᠯᠳ᠋ᠬᠠᠤᠪᠤᠭ᠎ᠠ ᠪᠠᠯᠭᠠᠰᠤ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠦᠢᠯᠡᠴᠢᠯᠡᠭᠦ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ  ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠲᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠬᠦᠴᠦᠯᠡᠨ  ᠰᠢᠢᠳᠪᠦᠷᠢᠯᠡᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ᠪᠥᠬᠦ ᠨᠡᠶᠢᠭᠡᠮ ᠤᠨ ᠬᠦᠨᠳᠦᠳᠬᠡᠯ ᠢ ᠦᠨᠡᠨ ᠬᠦ ᠮᠡᠳᠡᠷᠡᠭᠦᠯᠵᠦ᠂ ᠲᠡᠳᠡᠨ ᠤ ᠢᠷᠠᠭᠤ ᠠᠯᠳᠠᠷᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠰᠡᠳᠬᠢᠯᠭᠡ ᠶᠢ ᠨᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠡᠶᠢᠭᠡᠮ ᠳᠠᠶᠠᠭᠠᠷ ᠲᠤ ᠴᠡᠷᠢᠭ ᠢ ᠬᠦᠨᠳᠦᠳᠬᠡᠬᠦ᠂ ᠴᠡᠷᠢᠭ ᠤᠨ ᠠᠯᠪᠠᠨ ᠠᠴᠠ ᠪᠠᠭᠤᠭᠰᠠᠳ ᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号