1 ᠰᠠᠷ᠎ᠠ ᠶᠢᠨ 7 ᠤ ᠡᠳᠦᠷ᠂ ᠠᠯᠠᠱᠠ ᠪᠠᠷᠠᠭᠤᠨ ᠬᠤᠰᠢᠭᠤ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯ ᠬᠤᠷᠠᠯᠳᠤᠵᠤ᠂ ᠲᠥᠪ ᠤᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠥᠬᠦᠶ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠵᠢᠴᠢ ᠪᠥᠬᠦ ᠣᠷᠣᠨ ᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠬᠤᠷᠠᠯ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠵᠤ᠂ ᠪᠥᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠢᠶᠠᠩ ᠪᠢᠩ | ᠵᠢᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠡᠯ᠎ᠡ ᠳᠡᠳ᠋ ᠬᠤᠰᠢᠭᠤ ᠳᠠᠷᠤᠭ᠎ᠠ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | | | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠲᠠᠰᠤᠷᠠᠯᠲᠠ ᠥᠬᠡᠶ ᠲᠦᠷᠭᠡᠳᠬᠦ ᠶᠢ ᠳᠠᠭᠠᠯᠳᠤᠨ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠨᠠᠩ ᠬᠦᠨᠳᠦ ᠬᠡᠴᠡᠭᠦᠦ | ᠨᠠᠷᠢᠨ ᠪᠤᠳᠤᠯᠢᠶᠠᠨᠲᠠᠶ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠥᠭᠵᠢᠯᠲᠡ ᠶᠢᠨ ᠪᠠᠶᠢᠳᠠᠯ᠂ | ᠠᠮᠤᠷ ᠲᠦᠪᠰᠢᠨ ᠤ ᠪᠠᠶᠢᠳᠠᠯ ᠢ ᠰᠡᠷᠭᠡᠭ ᠢᠶᠠᠷ ᠬᠢᠨᠠᠨ ᠦᠵᠡᠵᠦ᠂ ᠲᠤᠬᠠᠶᠢᠯᠠᠭᠰᠠᠨ ᠠᠵᠢᠯ ᠭᠡᠬᠦ ᠡᠨᠡᠬᠦ ᠭᠤᠣᠯ | ᠵᠦᠢᠯ ᠢ ᠰᠠᠶᠢᠲᠤᠷ ᠬᠢᠬᠦ ᠮᠥᠷᠲᠡᠭᠡᠨ ᠪᠠᠰᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠨᠡᠬᠦ ᠤᠷᠢᠲᠠᠯ ᠢ | ᠪᠠᠲᠤ ᠰᠠᠬᠢᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ | ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯᠳᠠᠨ ᠤ ᠬᠥᠮᠦᠵᠢᠯ ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠤᠨ ᠬᠠᠮᠢᠶᠠᠷᠤᠯᠲᠠ ᠶᠢᠨ ᠨᠥᠭᠡᠴᠡ ᠶᠢ ᠬᠦᠴᠦᠯᠡᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠲᠠᠪᠴᠠᠩ᠂ ᠶᠠᠪᠠᠷᠠᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠤᠨ ᠭᠠᠯ | ᠤᠨᠲᠠᠷᠠᠭᠠᠬᠤ ᠦᠷᠳᠡᠭᠡ ᠵᠡᠷᠭᠡ ᠰᠠᠭᠤᠷᠢ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠪᠠᠶᠢᠩᠭᠤ ᠠᠳᠬᠤᠨ ᠪᠠᠶᠢᠩᠭᠤ ᠬᠠᠮᠢᠶᠠᠷᠬᠤ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ | ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ | ᠬᠤᠷᠠᠯ ᠠᠴᠠ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠦᠴᠢᠷᠳᠡᠯᠲᠡᠢ ᠤᠯᠠᠨ ᠲᠦᠮᠡᠨ ᠢ | ᠬᠠᠪᠰᠤᠷᠤᠨ ᠲᠡᠳᠬᠦᠬᠦ᠂ ᠵᠠᠬ᠎ᠠ ᠳᠡᠯᠭᠡᠭᠦᠷ ᠤᠨ ᠪᠠᠲᠤᠯᠠᠭ᠎ᠠ ᠬᠠᠩᠭᠠᠯᠭ᠎ᠠ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠨᠴᠠᠭᠠᠢ ᠴᠠᠭ ᠠᠭᠤᠷ ᠢ ᠠᠷᠭᠠᠴᠠᠨ ᠰᠢᠢᠳᠪᠦᠷᠢᠯᠡᠬᠦ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ 24 ᠴᠠᠭ ᠢᠶᠠᠷ ᠲᠤᠰᠬᠠᠢ ᠬᠥᠮᠦᠨ ᠵᠢᠵᠢᠭᠦᠷᠯᠡᠬᠦ | ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷᠯᠡᠬᠦ᠂ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ | ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠤᠨ | ᠡᠳᠦᠷ ᠢ ᠲᠠᠭᠠᠯᠠᠮᠵᠢᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ ᠃ | |