ᠯᠢᠦ ᠳ᠋ᠧ ᠼᠦᠢ ᠠᠯᠠᠱᠠ ᠪᠠᠷᠠᠭᠤᠨ ᠬᠤᠰᠢᠭᠤᠨ ᠳᠤ ᠢᠷᠡᠵᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/14
    1 ᠰᠠᠷ᠎ᠠ ᠶᠢᠨ 9 ᠤ ᠡᠳᠦᠷ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃    ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠯᠢᠦ ᠳ᠋ᠧ ᠼᠦᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠬᠠᠪᠰᠤᠷᠤᠨ ᠵᠢᠯᠣᠭᠤᠳᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠢᠭᠡᠳᠦᠭᠡᠷ ᠳᠤᠮᠳᠠᠳᠤ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠰᠤᠷᠭᠠᠭᠤᠯᠢ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠡᠳᠦᠷ ᠲᠤᠲᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃ ᠠᠮᠤᠷ ᠲᠦᠪᠰᠢᠨ ᠤ ᠲᠤᠰᠬᠠᠢ ᠰᠡᠳᠦᠪᠲᠦ ᠬᠥᠮᠦᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠣᠯᠣᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠡᠷᠡᠭᠦᠯ ᠰᠠᠷᠠᠭᠤᠯ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ  ᠭᠡᠪᠡ᠃
1.png
    ᠮᠠᠨᠳᠤᠯ ᠠᠭᠤᠯᠠ ᠶᠢᠨ ᠬᠠᠳᠠᠨ ᠵᠢᠷᠤᠭ ᠤᠨ ᠰᠦᠷᠦᠭᠵᠢᠯ   ᠤᠨ ᠲᠤᠬᠠᠶ ᠶᠢᠨ ᠲᠠᠯᠠᠪᠠᠶ ᠳᠤ᠂ ᠯᠢᠦ ᠳ᠋ᠧ ᠼᠦᠢ ᠬᠠᠳᠠᠨ ᠵᠢᠷᠤᠭ ᠢ ᠬᠠᠮᠠᠭᠠᠯᠠᠬᠤ᠂ ᠰᠡᠷᠭᠦᠭᠡᠬᠦ᠂ ᠠᠰᠢᠭᠯᠠᠭᠰᠠᠨ ᠪᠠᠶᠢᠳᠠᠯ ᠪᠣᠯᠤᠨ ᠮᠠᠨᠳᠤᠯ ᠠᠭᠤᠯᠠ ᠶᠢᠨ ᠬᠠᠳᠠᠨ ᠵᠢᠷᠤᠭ ᠤᠨ ᠰᠦᠷᠦᠭᠵᠢᠯ ᠢ ᠬᠠᠮᠠᠭᠠᠯᠠᠨ ᠠᠰᠢᠭᠯᠠᠬᠤ ᠲᠥᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠮᠠᠨᠳᠤᠯ ᠠᠭᠤᠯᠠ ᠶᠢᠨ ᠬᠠᠳᠠᠨ ᠵᠢᠷᠤᠭ ᠤᠨ ᠰᠦᠷᠦᠭᠵᠢᠯ ᠢ ᠬᠠᠮᠠᠭᠠᠯᠠᠨ ᠠᠰᠢᠭᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠲᠡᠭᠦᠨ ᠤ ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ᠂ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠵᠠᠰᠠᠬᠤ ᠴᠢᠳᠠᠪᠤᠷᠢ ᠪᠣᠯᠤᠨ ᠵᠠᠰᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠰᠣᠶᠣᠯ ᠪᠠ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠵᠤ︾᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠᠷ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
2.png
    ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠲᠤᠤ ᠹᠧᠩ ᠭᠦᠸᠧ᠂ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶᠠᠨ ᠤ ᠲᠣᠪᠴᠢᠶᠠᠨ ᠳᠠᠷᠤᠭ᠎ᠠ ᠫᠠᠨ ᠰᠢᠶᠤᠤ ᠢᠦᠶ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号