ᠲᠦᠭᠡᠮᠡᠯ ᠬᠠᠶᠢᠷ᠎ᠠ ᠠᠶᠢᠯ ᠡᠷᠦᠬᠡ ᠪᠠᠷ ᠦᠷᠭᠦᠯᠵᠢᠯᠡᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/1/15
    ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠮᠠᠨᠳᠤᠯ ᠰᠤᠮᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨᠳᠤᠯ ᠰᠤᠮᠤᠨ ᠤ ᠨᠠᠮ ᠤᠨ ᠬᠤᠷᠢᠶᠠᠨ ᠤ ᠱᠦᠵᠢ ᠹᠠᠨ ᠬᠠᠢ ᠶᠠᠩ᠂ ᠳᠡᠳ᠋ ᠰᠤᠮᠤᠨ ᠳᠠᠷᠤᠭ᠎ᠠ ᠨᠠᠷᠠᠰᠤ ᠵᠢᠴᠢ ᠭᠠᠴᠠᠭᠠᠨ ᠤ ᠤᠳᠤᠷᠢᠳᠤᠯᠭ᠎ᠠ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ᠂ ᠱᠠᠯᠠ ᠶᠢᠨ ᠬᠤᠳᠳᠤᠭ ︵板摊井︶ ᠵᠡᠷᠭᠡ ᠭᠠᠵᠠᠷ ᠣᠷᠣᠨ ᠳᠤ ᠬᠦᠷᠴᠦ ᠪᠠᠭᠤᠷᠠᠶᠢᠴᠤᠤᠯ᠂ ᠬᠦᠴᠢᠷᠳᠡᠯᠲᠡᠶ ᠣᠯᠠᠨ ᠲᠦᠮᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠪᠠ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃
1.jpg
    ᠮᠠᠨᠳᠤᠯ ᠰᠤᠮᠤ 50 ᠭᠠᠷᠤᠶ ᠬᠦᠴᠢᠷᠳᠡᠯᠲᠡᠶ ᠣᠯᠠᠨ ᠲᠦᠮᠡᠨ ᠳᠤ ᠬᠤᠶᠠᠷ ᠲᠦᠮᠡᠨ ᠲᠥᠭᠦᠷᠢᠭ ᠤᠨ ᠥᠷᠲᠡᠭ ᠪᠥᠬᠦᠶ ᠠᠮᠢᠳᠤᠷᠠᠯ ᠤᠨ ᠡᠳ᠋ ᠪᠣᠳᠠᠰ ᠬᠦᠷᠭᠡᠭᠰᠡᠨ ᠪᠠᠶᠢᠨ᠎ᠠ᠃ ᠵᠠᠯᠭᠠᠭᠠᠳ᠂ ᠮᠠᠨᠳᠤᠯ ᠰᠤᠮᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ︽ᠴᠠᠭᠠᠨ ᠰᠠᠷ᠎ᠠ ᠪᠠᠨ ᠠᠮᠤᠷ ᠲᠠᠶᠢᠪᠤᠩ᠂ ᠳᠤᠯᠠᠭᠠᠨ ᠡᠪᠦᠯᠵᠢᠬᠦ︾ ᠶᠢ ᠦᠨᠡᠨ ᠬᠦ ᠪᠠᠲᠤᠯᠠᠨ᠎ᠠ᠃
    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号