ᠵᠢᠶᠠᠩ ᠪᠢᠩ ᠵᠢᠶᠧ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/17
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠢᠶᠠᠩ ᠪᠢᠩ ᠵᠢᠶᠧ ᠪᠠᠳᠠᠶ ᠶᠢᠨ ᠵᠢᠷᠠᠨ ᠪᠠᠯᠭᠠᠰᠤᠨ ᠳᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠵᠢᠴᠢ ᠬᠦᠴᠢᠷᠳᠡᠯᠲᠡᠶ ᠬᠡᠤᠬᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠪᠠ ᠲᠣᠬᠤᠨᠢᠭᠤᠯᠤᠯ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ 
1.jpg
    ᠶᠠᠫᠣᠨ ᠢ ᠡᠰᠡᠷᠭᠦᠴᠡᠭᠦ ᠳᠠᠶᠢᠨ ᠳᠤ ᠣᠷᠣᠯᠴᠠᠵᠤ ᠥᠩᠭᠡᠷᠡᠭᠰᠡᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠫᠠᠩ ᠪᠦᠦ ᠹᠦ᠋ ᠶᠢᠨ ᠭᠡᠷ ᠲᠤ᠂ ᠵᠢᠶᠠᠩ ᠪᠢᠩ ᠵᠢᠶᠧ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠵᠤ᠂ ᠨᠠᠰᠤᠲᠠᠨ ᠤ ᠪᠡᠶ᠎ᠡ ᠪᠠᠷ ᠢᠶᠠᠨ ᠥᠩᠭᠡᠷᠡᠭᠦᠯᠦᠭᠰᠡᠨ ᠬᠤᠪᠢᠰᠬᠠᠯ ᠤᠨ ᠣᠨ ᠰᠠᠷ᠎ᠠ ᠶᠢ ᠨᠠᠷᠢᠨ ᠬᠢᠨᠠᠮᠠᠭᠠᠢ ᠰᠣᠨᠣᠰᠴᠤ᠂  ᠠᠬᠠᠮᠠᠳ  ᠬᠤᠪᠢᠰᠬᠠᠯᠴᠢᠳ ᠤᠨ ᠦᠵᠡᠭᠦᠯᠤᠭ᠍ᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠠᠵᠢᠯ ᠠᠴᠠ ᠪᠠᠨ ᠰᠠᠯᠵᠤ ᠠᠮᠠᠷᠠᠭᠰᠠᠨ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃ 
2.jpg
    ᠭᠠᠴᠠᠭᠠᠨ ᠤ ᠠᠬᠠᠮᠠᠳ ᠨᠠᠮ ᠤᠨ ᠭᠡᠰᠢᠭᠦᠨ ᠳ᠋ᠠᠩᠳᠠᠪ  ᠶᠢᠨ ᠬᠡᠷ ᠲᠤ ᠵᠢᠶᠠᠩ ᠪᠢᠩ ᠵᠢᠶᠧ ᠲᠡᠭᠦᠨ ᠲᠠᠢ ᠵᠣᠭᠤᠭᠳᠠᠵᠤ᠂ ᠣᠶᠢᠷ᠎ᠠ ᠶᠢᠨ ᠪᠠᠶᠢᠳᠠᠯ ᠢ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠦᠨᠳᠦᠰᠦᠨ ᠱᠠᠲᠤᠨ ᠤ ᠬᠥᠭᠵᠢᠯᠲᠡ ᠵᠢᠴᠢ ᠪᠥᠬᠦ ᠬᠤᠰᠢᠭᠤᠨ ᠤ ᠠᠵᠢᠯ  ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠡᠶ᠎ᠡ ᠪᠠᠨ ᠬᠢᠴᠢᠶᠡᠵᠦ᠂ ᠴᠠᠭ ᠢᠮᠠᠭᠲᠠ ᠢᠳᠡᠪᠬᠢᠲᠡᠶ ᠪᠠᠶᠠᠰᠤᠩᠭᠤᠶ ᠣᠪᠣᠷ  ᠲᠠᠢ ᠪᠠᠶᠢᠵᠤ ᠪᠡᠶ᠎ᠡ ᠮᠠᠬᠠᠪᠣᠳ ᠡᠷᠡᠭᠦᠯ ᠰᠠᠷᠠᠭᠤᠯ ᠪᠠᠶᠢᠳᠠᠯ  ᠲᠤᠤᠷ᠎ᠠ ᠦᠷᠭᠦᠯᠵᠢᠯᠡᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠠᠯᠠᠱᠠ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠬᠡᠷᠡᠭᠲᠡᠶ ᠭᠡᠵᠦ ᠵᠠᠬᠢᠪᠠ᠃  
3.jpg
    ᠬᠦᠴᠢᠷᠳᠡᠯᠲᠡᠢ ᠬᠡᠦᠬᠡᠳ ᠢ ᠲᠣᠬᠤᠨᠢᠭᠤᠯᠬᠤ ᠳᠠᠭᠠᠨ᠂ ᠵᠢᠶᠠᠩ ᠪᠢᠩ ᠵᠢᠶᠧ ᠬᠡᠦᠬᠡᠳ  ᠪᠣᠯᠤᠨ ᠬᠢᠨᠠᠨ ᠬᠠᠮᠠᠭᠠᠯᠠᠭᠴᠢ ᠲᠠᠢ ᠳᠣᠲᠣᠨᠣ ᠪᠠᠷ ᠶᠠᠷᠢᠯᠴᠠᠵᠤ᠂ ᠬᠡᠦᠬᠡᠳ ᠤᠨ ᠠᠮᠢᠳᠤᠷᠠᠯ᠂ ᠰᠤᠷᠤᠯᠭ᠎ᠠ ᠶᠢᠨ ᠪᠠᠶᠢᠳᠠᠯ ᠵᠢᠴᠢ ᠰᠡᠳᠬᠢᠴᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠣᠷᠢᠭᠵᠢᠭᠤᠯᠵᠤ᠂ ᠠᠮᠢᠳᠤᠷᠠᠯ ᠤᠨ ᠢᠲᠡᠭᠡᠯ ᠢ ᠪᠤᠢ ᠪᠣᠯᠭᠠᠵᠤ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤᠪᠠᠷ ᠪᠤᠢ ᠪᠣᠯᠭᠠᠵᠤ ᠥᠭᠬᠦ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠦᠴᠢᠷᠳᠡᠯᠲᠡᠶ ᠬᠡᠤᠬᠡᠳ ᠢᠯᠠᠩᠭᠤᠶ᠎ᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂  ᠨᠠᠷᠢᠨ ᠨᠢᠮᠪᠠᠢ ᠦᠢᠯᠡᠴᠢᠯᠡᠭᠡᠨ ᠤ ᠪᠠᠲᠤᠯᠠᠭ᠎ᠠ ᠪᠠ ᠬᠥᠮᠦᠨ ᠨᠡᠶᠢᠭᠡᠮ ᠤᠨ ᠬᠠᠯᠠᠮᠵᠢᠯᠠᠯ ᠢ ᠪᠥᠬᠦ ᠬᠦᠴᠦᠨ ᠢᠶᠠᠷ ᠢᠶᠠᠨ ᠬᠠᠩᠭᠠᠵᠤ᠂ ᠬᠡᠤᠬᠡᠳ ᠢ ᠦᠰᠦᠨ ᠪᠤᠶᠢᠵᠢᠭᠤᠯᠵᠤ ᠡᠩᠨᠡᠭᠡ ᠠᠴᠠ ᠬᠤᠴᠣᠷᠬᠤ ᠥᠬᠡᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠶ ᠵᠢᠶᠠᠨ ᠴᠦᠨ ᠲᠣᠬᠤᠨᠢᠭᠤᠯᠬᠤ ᠳᠤ ᠣᠷᠣᠯᠴᠠᠪᠠ᠃       
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号