ᠰᠦᠨ ᠭᠠᠩ ᠳ᠋ᠧ ᠪᠠᠶᠠᠷ ᠤᠨ ᠡᠳᠦᠷ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠭᠠᠩ ᠳ᠋ᠧ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠣᠨᠴᠠ ᠬᠦᠴᠢᠷᠳᠡᠯᠲᠡᠶ ᠡᠷᠦᠬᠡ ᠪᠠ ᠵᠡᠮᠳᠡᠭᠴᠦᠳ ᠢ ᠲᠣᠬᠤᠨᠢᠭᠤᠯᠵᠤ᠂ ᠲᠡᠳᠡᠨ ᠤ ᠠᠮᠢᠳᠤᠷᠠᠯ ᠤᠨ ᠬᠡᠷᠡᠭᠴᠡᠭᠡ ᠶᠢ ᠪᠥᠬᠦ ᠲᠠᠯ᠎ᠠ ᠪᠠᠷ ᠣᠶᠢᠯᠠᠭᠠᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠬᠠᠯᠠᠮᠵᠢᠯᠠᠯ ᠬᠦᠷᠭᠡᠪᠡ᠃
1.jpg
     ᠰᠦᠨ ᠭᠠᠩ ᠳ᠋ᠧ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠬᠤᠸᠠᠩ ᠯᠢ ᠰᠢᠩ ᠶᠢᠨ ᠬᠡᠷ ᠲᠤ ᠬᠦᠷᠴᠦ ᠂ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠪᠡᠶ᠎ᠡ ᠮᠠᠬᠠᠪᠣᠳ ᠤᠨ ᠪᠠᠶᠢᠳᠠᠯ᠂ ᠡᠳᠦᠷ ᠲᠤᠲᠤᠮ ᠤᠨ ᠠᠮᠢᠳᠤᠷᠠᠯ ᠤᠨ ᠲᠣᠬᠢᠷᠠᠭᠤᠯᠤᠯᠲᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠯᠠᠪᠯᠠᠨ ᠠᠰᠠᠭᠤᠪᠠ᠃ ᠰᠦᠨ ᠭᠠᠩ ᠳ᠋ᠧ ᠠᠬᠠᠮᠠᠳ ᠺᠠᠳ᠋ᠷᠴᠤᠳ ᠤᠨ ᠤᠯᠠᠨ ᠵᠢᠯ ᠤᠨ ᠰᠢᠷᠭᠠᠭᠤ ᠬᠠᠲᠠᠭᠤᠵᠢᠯᠲᠠᠢ ᠠᠵᠢᠯᠯᠠᠵᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠭᠦᠨ ᠢ ᠪᠡᠶ᠎ᠡ ᠪᠠᠨ ᠬᠢᠴᠢᠶᠡᠵᠦ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠭᠠᠵᠠᠷ ᠣᠷᠣᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠬᠡᠷᠡᠭᠲᠡᠢ ᠭᠡᠵᠦ ᠵᠠᠬᠢᠪᠠ᠃
2.jpg
     ᠰᠦᠨ ᠭᠠᠩ ᠳ᠋ᠧ ᠶᠠᠳᠠᠭᠤ ᠬᠦᠴᠢᠷᠳᠡᠯᠲᠡᠶ ᠡᠷᠦᠬᠡ ᠤᠶᠤᠨ ᠤ ᠬᠡᠷ ᠲᠤ ᠭᠦᠨᠵᠡᠭᠡᠶᠢᠷᠡᠵᠦ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠬᠡᠷ ᠪᠦᠯᠢ ᠶᠢᠨ ᠣᠷᠣᠯᠭ᠎ᠠ᠂ ᠠᠮᠢᠳᠤᠷᠠᠯ ᠤᠨ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠠᠮᠢᠳᠤᠷᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠯᠠᠪᠯᠠᠨ ᠠᠰᠠᠭᠤᠪᠠ᠃ ᠶᠠᠷᠢᠯᠴᠠᠬᠤ ᠳᠤᠮᠳᠠ᠂ ᠰᠦᠨ ᠭᠠᠩ ᠳ᠋ᠧ ᠤᠶᠤᠨ  ᠢ ᠢᠳᠡᠪᠬᠢᠲᠡᠶ ᠰᠡᠳᠬᠢᠴᠡ ᠶᠢᠨ ᠪᠠᠶᠢᠳᠠᠯ ᠲᠠᠢ ᠪᠠᠶᠢᠵᠤ᠂ ᠠᠮᠢᠳᠤᠷᠠᠯ ᠤᠨ ᠥᠷᠢᠰᠥᠯᠳᠦᠭᠡᠨ ᠳᠤ ᠵᠣᠷᠢᠭᠲᠠᠶ ᠪᠠᠷ ᠬᠠᠨᠳᠤᠬᠤ ᠶᠢ  ᠵᠤᠷᠢᠭᠵᠢᠭᠤᠯᠵᠤ ᠂ ᠬᠠᠮᠲᠤ ᠶᠠᠪᠣᠭ᠎ᠠ ᠠᠵᠢᠯᠲᠠᠳ  ᠳᠠᠭᠠᠨ ᠲᠡᠳᠡᠨ ᠤ ᠠᠮᠢᠳᠤᠷᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠪᠣᠳᠠᠲᠠᠶ ᠬᠦᠴᠢᠷᠳᠡᠯ ᠢ ᠨᠢ ᠴᠠᠭ ᠲᠤᠬᠠᠶ ᠳᠤᠨᠢ ᠰᠢᠢᠳᠪᠦᠷᠢᠯᠡᠵᠦ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
3.jpg
    ᠵᠡᠮᠳᠡᠭ ᠬᠥᠮᠦᠨ ᠨᠠᠷᠠᠨᠴᠡᠴᠡᠭ᠂ ᠯᠢ ᠼᠦᠨ ᠶᠢᠩ ᠤᠨ ᠭᠡᠷ ᠲᠤ᠂ ᠰᠦᠨ ᠭᠠᠩ ᠳ᠋ᠧ ᠲᠡᠳᠡᠨ ᠤ ᠡᠷᠡᠭᠦᠯᠵᠢᠯ ᠤᠨ ᠵᠠᠰᠠᠯᠲᠠ᠂ ᠡᠳᠦᠷ ᠳᠤᠳᠤᠮ ᠤᠨ ᠶᠠᠪᠤᠵᠤ ᠰᠠᠭᠤᠬᠤ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠭᠡᠷ ᠪᠦᠯᠢ ᠶᠢᠨ ᠬᠠᠷᠰᠢ ᠰᠠᠭᠠᠳ ᠦᠭᠡᠢ ᠲᠥᠬᠦᠭᠡᠷᠦᠮᠵᠢ ᠶᠢᠨ ᠳᠤᠬᠢᠷᠠᠭᠤᠯᠤᠯᠳᠠ ᠵᠡᠷᠭᠡ ᠶᠢ ᠨᠠᠷᠢᠨ ᠪᠠᠶᠢᠴᠠᠭᠠᠨ ᠦᠵᠡᠪᠡ᠃ ᠲᠡᠷᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠣᠨᠴᠠᠭᠠᠢ ᠬᠠᠮᠲᠤᠯᠢᠭ ᠤᠨ ᠦᠢᠯᠡᠳᠪᠦᠷᠢᠯᠡᠯ ᠠᠮᠢᠳᠤᠷᠠᠯ ᠢ ᠴᠠᠭ ᠢᠮᠠᠭᠲᠠ ᠠᠩᠬᠠᠷᠴᠤ᠂ ᠲᠡᠳᠡᠨ ᠤ ᠪᠣᠳᠠᠲᠤ ᠪᠠᠶᠢᠳᠠᠯ ᠢ ᠣᠨᠣᠪᠴᠢᠲᠠᠢ ᠡᠵᠡᠮᠰᠢᠵᠦ᠂ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠵᠦ᠂ ᠤᠯᠠᠨ ᠢᠶᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠦᠨᠡᠨᠬᠦ ᠮᠡᠳᠡᠷᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠤᠢ ᠰᠢᠤᠸᠠᠢ ᠹᠧᠩ ᠲᠣᠬᠤᠨᠢᠭᠤᠯᠬᠤ ᠳᠤ ᠣᠷᠣᠯᠴᠠᠪᠠ᠃               
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号