12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ ᠭᠤᠤ ᠵᠧᠩ ᠠᠯᠠᠱᠠ ᠪᠠᠷᠠᠭᠤᠨ ᠬᠤᠰᠢᠭᠤᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠸᠧᠶ ᠵᠢᠶᠠᠨ ᠴᠦᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠭᠤᠤ ᠵᠧᠩ ᠨᠠᠷ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠲᠠᠰᠤᠭ | ᠂ ᠰᠤᠳᠤᠯᠤᠨ ᠶᠠᠷᠢᠯᠴᠠᠬᠤ ᠲᠠᠰᠤᠭ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠨᠣᠮ ᠤᠨ ᠲᠠᠰᠤᠭ ᠵᠡᠷᠭᠡ | ᠰᠤᠷᠭᠠᠭᠤᠯᠢ ᠡᠷᠭᠢᠯᠡᠬᠦ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠬᠢᠴᠢᠶᠡᠯ ᠤᠨ | ᠲᠣᠭᠢᠷᠠᠭᠤᠯᠣᠯᠳᠠ ᠪᠣᠯᠣᠨ ᠰᠤᠷᠤᠭᠴᠢᠳ ᠤᠨ ᠬᠠᠮᠢᠶᠠᠷᠤᠯᠲᠠ ᠵᠡᠷᠭᠡ ᠠᠵᠢᠯ ᠢ ᠨᠠᠷᠢᠨ ᠣᠶᠢᠯᠠᠭᠠᠪᠠ᠃ | ᠭᠤᠤ ᠵᠧᠩ᠂ ᠨᠠᠮ ᠤᠨ ᠰᠤᠷᠭᠠᠭᠤᠯᠢ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ | ᠭᠠᠵᠠᠷ ᠪᠣᠯᠤᠭᠰᠠᠨ ᠤ ᠬᠤᠪᠢ ᠳᠤ᠂ ︽ᠨᠠᠮ ᠤᠨ ᠰᠤᠷᠭᠠᠭᠤᠯᠢ ᠨᠠᠮ ᠤᠨ ᠬᠢ ᠪᠠᠶᠢᠬᠤ︾ ᠭᠡᠬᠦ ᠦᠨᠳᠦᠰᠦᠨ | ᠵᠠᠷᠴᠢᠮ ᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠵᠢᠭᠠᠨ ᠰᠤᠷᠭᠠᠯᠲᠠ ᠶᠢᠨ | ᠠᠭᠤᠯᠭ᠎ᠠ ᠶᠢᠨ ᠲᠠᠯ᠎ᠠ ᠪᠠᠷ ᠨᠠᠮ ᠤᠨ ᠤᠨᠤᠯ ᠤᠨ ᠰᠢᠨ᠎ᠡ ᠶᠢ ᠡᠭᠦᠳᠬᠦ ᠠᠯᠬᠤᠭ᠎ᠠ ᠶᠢ ᠴᠢᠩᠭ᠎ᠠ ᠳᠠᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠺᠠᠳ᠋ᠷ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ | ᠤᠨᠤᠯ ᠤᠨ ᠲᠦᠪᠰᠢᠨ ᠢ ᠴᠢᠩᠭᠠᠳᠬᠠᠬᠤ ᠬᠡᠷᠡᠭᠲᠡᠢ᠃ ᠪᠥᠬᠦ ᠬᠤᠰᠢᠭᠤᠨ ᠤ ᠭᠤᠤᠯ ᠠᠵᠢᠯ ᠪᠠ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠬᠢᠴᠢᠶᠡᠯ ᠤᠨ ᠰᠢᠰᠲ᠋ᠧᠮ ᠢ ᠰᠢᠯᠢᠳᠡᠭᠵᠢᠭᠦᠯᠦᠨ᠂ ᠵᠢᠭᠠᠨ | ᠰᠤᠷᠭᠠᠯᠲᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠣᠨᠴᠠᠯᠢᠭᠲᠤ ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ ᠶᠢᠨ | ᠬᠠᠷᠢᠴᠠᠯ ᠢ ᠨᠡᠮᠡᠭᠳᠡᠭᠦᠯᠵᠦ᠂ ᠺᠠᠳ᠋ᠷᠴᠤᠳ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ︽ᠤᠷᠢᠵᠤ ᠠᠪᠴᠢᠷᠠᠬᠤ᠂ ᠭᠠᠳᠠᠭᠰᠢ | ᠭᠠᠷᠬᠤ︾ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠡᠷᠢᠭᠦᠨ ᠤ ᠭᠠᠵᠠᠷ ᠣᠷᠣᠨ ᠤ ᠨᠠᠮ ᠤᠨ ᠰᠤᠷᠭᠠᠭᠤᠯᠢ ᠲᠠᠢ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠬᠢᠴᠢᠶᠡᠯ | ᠵᠢᠭᠠᠯᠭᠠᠨ ᠬᠢᠴᠢᠶᠡᠯᠯᠡᠭᠦᠯᠵᠦ᠂ ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ ᠭᠠᠳᠠᠭᠰᠢ ᠭᠠᠷᠴᠤ ᠳᠠᠪᠲᠠᠨ | ᠪᠣᠯᠪᠠᠰᠤᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠣᠪᠣᠷ ᠰᠤᠷᠲᠠᠯ ᠰᠠᠶᠢᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ | ᠨᠠᠮ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠰᠤᠷᠤᠭᠴᠢᠳ ᠤᠨ ᠰᠤᠷᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠢᠯᠭᠠᠵᠤ ᠦᠨᠡᠯᠡᠬᠦ ᠶᠢ | ᠴᠢᠩᠳᠠᠯᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠠᠮ ᠤᠨ | ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠬᠤᠰᠢᠭᠤᠨ ᠤ ᠬᠡᠪᠴᠢᠶᠡᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠦᠴᠦᠨ ᠪᠥᠬᠦᠶ ᠴᠢᠳᠠᠪᠤᠷᠢᠲᠠᠨ ᠤ | ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | |