ᠬᠤᠰᠢᠭᠤᠨ ᠤ ᠵᠠᠰᠠᠭ ᠤᠨ ᠣᠷᠳᠣᠨ ᠤ ᠶᠡᠭᠡ ᠶᠠᠪᠤᠳᠠᠯ ᠤᠨ ᠲᠡᠮᠳᠡᠭᠯᠡᠯ ︵ᠲᠦᠷᠪᠡᠳᠦᠭᠡᠷ ᠣᠯᠠᠷᠢᠯ︶
ᠨᠡᠶᠢᠲᠡᠯᠡᠭᠰᠡᠨ ᠴᠠᠭ᠄
2025/1/20
    ᠵᠢᠶᠠᠩ ᠪᠢᠩ ᠵᠢᠶᠧ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ    ᠸᠠᠩ ᠬᠤᠩ ᠵᠢᠢ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ︵2024 ᠣᠨ ᠤ 8 ᠰᠠᠷ᠎ᠠ ᠳᠤ ᠲᠤᠰᠢᠶᠠᠯ ᠳᠤ ᠭᠠᠷᠪᠠ︶    ᠸᠠᠩ ᠳ᠋ᠦᠸᠧ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ    ᠤᠳᠬᠤᠨᠴᠢᠮᠡᠭ᠄  ᠳᠡᠳ᠋ ᠬᠤᠰᠢᠭᠤ ᠳᠠᠷᠤᠭ᠎ᠠ    ᠬᠤᠤ ᠱᠢ ᠸᠧᠶ᠄ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠶᠧ ᠪᠢᠨ ᠢᠦᠶ ᠄ ᠳᠡᠳ᠋ ᠬᠤᠰᠢᠭᠤ ᠳᠠᠷᠤᠭ᠎ᠠ    ᠫᠠᠨ ᠼᠦᠨ ᠵᠢᠶᠦ᠋ᠨ᠄  ᠳᠡᠳ᠋ ᠬᠤᠰᠢᠭᠤ ᠳᠠᠷᠤᠭ᠎ᠠ    ᠪᠠᠨ ᠰᠢᠶᠣᠣ ᠢᠦᠢ᠄  ᠳᠡᠳ᠋ ᠬᠤᠰᠢᠭᠤ ᠳᠠᠷᠤᠭ᠎ᠠ ︵ 2024 ᠣᠨ ᠤ 12 ᠰᠠᠷ᠎ᠠ ᠳᠤ ᠲᠤᠰᠢᠶᠠᠯ ᠳᠤ ᠭᠠᠷᠪᠠ︶    ᠸᠠᠩ ᠳ᠋ᠦᠸᠧ ᠠᠴᠠ 9 ᠰᠠᠷ᠎ᠠ ᠶᠢᠨ 30 ᠤ ᠡᠳᠦᠷ ᠠᠴᠠ 10 ᠰᠠᠷ᠎ᠠ ᠶᠢᠨ 4 ᠤ ᠡᠳᠦᠷ ᠪᠣᠯᠲᠠᠯ᠎ᠠ᠂ ᠬᠤᠰᠢᠭᠤᠨ ᠤ ᠳᠣᠲᠣᠷ᠎ᠠ ᠪᠠᠶᠠᠷ ᠤᠨ ᠡᠳᠦᠷ ᠤᠨ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠵᠤ᠂ ᠵᠢᠵᠢᠭᠦᠷᠯᠡᠨ ᠰᠠᠬᠢᠬᠤ ᠵᠢᠴᠢ ᠪᠠᠶᠠᠷ ᠤᠨ ᠡᠳᠦᠷ ᠤᠨ ᠬᠤᠷᠠᠯ ᠤᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠤᠳᠬᠤᠨᠴᠢᠮᠡᠭ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠣ ᠱᠢ ᠸᠧᠢ ᠤᠯᠤᠰ ᠤᠨ ᠪᠠᠶᠠᠷ ᠤᠨ ᠠᠮᠤᠷ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠴᠤ ᠪᠠᠢᠴᠠᠭᠠᠨ᠎ᠠ᠃    10 ᠰᠠᠷ᠎ᠠ ᠶᠢᠨ 7 ᠤ ᠡᠳᠦᠷ ᠠᠴᠠ 13 ᠤ ᠡᠳᠦᠷ ᠪᠣᠯᠲᠠᠯ᠎ᠠ᠂ ᠸᠠᠩ ᠬᠤᠩ ᠵᠢᠶ ᠥᠪᠡᠷᠲᠡᠭᠡᠨ ᠵᠠᠰᠠᠬᠤ ᠣᠷᠣᠨ ᠳᠤ ᠬᠦᠷᠴᠦ᠂ ᠠᠯᠠᠱᠠ ᠠᠶᠢᠮᠠᠭ ᠤᠨ ᠭᠤᠤᠯᠳᠠᠯᠭ᠎ᠠ ᠲᠠᠢ ᠠᠵᠢᠯ ᠢ ᠵᠤᠯᠭᠠᠭᠤᠯᠪᠠ᠃    10 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠤᠳᠬᠤᠨᠴᠢᠮᠡᠭ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠠᠯᠳ᠋ᠬᠠᠣᠪᠣᠭ᠎ᠠ ᠪᠠᠯᠭᠠᠰᠤ᠂ ᠲᠠᠩᠰᠤᠭᠪᠤᠯᠠᠭ ᠰᠤᠮᠤ ᠵᠡᠷᠭᠡ 7 ᠰᠤᠮᠤ ᠪᠠᠯᠭᠠᠰᠤᠨ ᠳᠤ ᠭᠦᠨᠵᠡᠭᠡᠶᠢᠷᠡᠨ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠬᠡᠷᠡᠭ ᠶᠠᠪᠤᠳᠠᠯ᠂ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠷᠥᠯ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠶᠤᠯᠭᠦᠢ ᠦᠢᠯᠡᠳᠪᠦᠷᠢᠯᠡᠯ ᠵᠡᠷᠭᠡ ᠠᠷᠠᠳ ᠤᠨ ᠶᠠᠪᠤᠳᠠᠯ ᠤᠨ ᠬᠦᠷᠢᠶᠡᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    10 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ᠂ ᠸᠠᠩ ᠬᠤᠩ ᠵᠢᠶ ᠠᠯᠠᠱᠠ ᠶᠢᠨ ᠲᠠᠩᠰᠤᠭᠪᠤᠯᠠᠭ ᠤᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃    10 ᠰᠠᠷ᠎ᠠ ᠶᠢᠨ 17 ᠤ ᠡᠳᠦᠷ ᠠᠴᠠ 20 ᠤ ᠡᠳᠦᠷ ᠪᠣᠯᠲᠠᠯ᠎ᠠ᠂ ᠸᠠᠩ ᠳ᠋ᠦᠸᠧ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠪᠠ᠃    10 ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠶᠧ ᠪᠢᠨ ᠢᠦᠶ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    10 ᠳ᠋ᠤᠭᠠᠷ ᠰᠠᠷ᠎ᠠ ᠶᠢᠨ 28 ᠤ ᠡᠳᠦᠷ ᠠᠴᠠ 10 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠸᠠᠩ ᠳ᠋ᠥᠸᠧ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠳᠤ ᠠᠵᠢᠯ ᠢᠶᠠᠨ ᠵᠣᠯᠭᠠᠭᠤᠯᠤᠨ ᠬᠠᠷᠢᠭᠤ ᠮᠡᠳᠡᠭᠦᠯᠪᠡ᠃    10 ᠰᠠᠷ᠎ᠠ ᠶᠢᠨ 31 ᠤ ᠡᠳᠦᠷ ᠠᠴᠠ 11 ᠰᠠᠷ᠎ᠠ ᠶᠢᠨ 1 ᠤ ᠡᠳᠦᠷ᠂ ᠸᠠᠩ ᠳ᠋ᠥᠸᠧ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠳᠣᠭᠢᠷᠠᠭᠤᠯᠪᠠ᠃    11 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠤᠳᠬᠤᠨᠴᠢᠮᠡᠭ ᠠᠷᠠᠳ ᠤᠨ ᠶᠠᠪᠤᠳᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃    11 ᠰᠠᠷ᠎ᠠ ᠶᠢᠨ 14 ᠤ ᠡᠳᠦᠷ ᠠᠴᠠ 17 ᠤ ᠡᠳᠦᠷ ᠪᠣᠯᠲᠠᠯ᠎ᠠ᠂ ᠸᠠᠩ ᠬᠤᠩ ᠵᠢᠶ ᠠᠶᠢᠮᠠᠭ ᠤᠨ ᠵᠠᠬᠢᠷᠭ᠎ᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠦᠷᠴᠦ ᠠᠵᠢᠯ ᠵᠣᠯᠭᠠᠭᠤᠯᠪᠠ᠃    11 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠶᠧ ᠪᠢᠨ ᠢᠦᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠳᠤ ᠬᠦᠷᠴᠦ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠵᠣᠯᠭᠠᠭᠤᠯᠪᠠ᠃    11 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠶᠧ ᠪᠢᠨ ᠢᠦᠢ ᠲᠠᠩᠰᠣᠭᠪᠣᠯᠠᠭ ᠰᠤᠮᠤ ᠳᠤ ᠬᠦᠷᠴᠦ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯ ᠳᠤ ᠣᠷᠣᠯᠴᠠᠪᠠ᠃    12 ᠰᠠᠷ᠎ᠠ ᠶᠢᠨ 4 ᠤ ᠡᠳᠦᠷ᠂ ᠫᠠᠨ ᠼᠦᠨ ᠵᠢᠶᠦ᠋ᠨ ᠠᠯᠠᠱᠠ ᠪᠠᠷᠠᠭᠤᠨ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠬᠡᠷᠡᠭᠯᠡᠬᠦ ᠪᠠᠲᠤᠯᠠᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃    12 ᠰᠠᠷ᠎ᠠ ᠶᠢᠨ 8 ᠤ ᠡᠳᠦᠷ ᠠᠴᠠ 12 ᠤᠨ ᠡᠳᠦᠷ ᠪᠣᠯᠲᠠᠯ᠎ᠠ ᠤᠳᠬᠤᠨᠴᠢᠮᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠰᠤᠮᠤ ᠪᠠᠯᠭᠠᠰᠤ ᠶᠢ ᠰᠢᠨ᠎ᠡ ᠪᠠᠷ ᠪᠠᠶᠢᠭᠤᠯᠬᠤ ᠬᠠᠮᠢᠶ᠎ᠠ ᠪᠥᠬᠦᠶ ᠶᠠᠪᠤᠳᠠᠯ ᠢ ᠵᠣᠯᠭᠠᠭᠤᠯᠪᠠ᠃    12 ᠰᠠᠷ᠎ᠠ ᠶᠢᠨ 18 ᠤ ᠡᠳᠦᠷ᠂ ᠸᠠᠩ ᠬᠤᠩ ᠵᠢᠶ ᠠᠯᠠᠱᠠ ᠪᠠᠷᠠᠭᠤᠨ ᠬᠤᠰᠢᠭᠤᠨ ᠤ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠡᠷᠭᠡ ︵ᠲᠣᠨᠤᠭ ᠲᠥᠬᠦᠭᠡᠷᠦᠮᠵᠢ︶ ᠶᠢ ᠲᠥᠪᠯᠡᠷᠡᠭᠦᠯᠦᠨ ᠲᠠᠷᠬᠠᠭᠠᠬᠤ ᠶᠣᠰᠣᠯᠠᠯ ᠢ ᠡᠷᠭᠢᠯᠡᠪᠡ᠃    12 ᠰᠠᠷ᠎ᠠ ᠶᠢᠨ 30 ᠤ ᠡᠳᠦᠷ᠂ ᠵᠢᠶᠠᠩ ᠪᠢᠩ ᠵᠢᠶᠧ᠂ ᠶᠧ ᠪᠢᠨ ᠢᠦᠢ ᠥᠪᠥᠷ ᠮᠣᠩᠭᠤᠯ ᠤᠨ ᠢ  ᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠶᠠᠷᠢᠯᠴᠠᠬᠤ ᠬᠤᠷᠠᠯ ᠬᠢᠪᠡ᠃

        ᠪᠦᠭᠦ ᠠᠭᠤᠯᠭ᠎ᠠ  ᠶᠢ ᠦᠵᠡᠭᠦ᠄  网址.docx

 

 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号