ᠮᠠᠨᠳᠤᠯ ᠰᠤᠮᠤ ᠴᠠᠭᠠᠨ ᠰᠠᠷ᠎ᠠ ᠶᠢᠨ ᠬᠠᠶᠢᠷ᠎ᠠ ᠬᠠᠯᠠᠮᠵᠢ ᠭᠦᠷᠭᠡᠭᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/23
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠥᠷᠭᠡᠨ ᠣᠯᠠᠨ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠲᠤ ᠬᠦᠷᠭᠡᠵᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠮᠠᠨᠳᠤᠯ ᠰᠤᠮᠤ ᠨᠠᠰᠤᠲᠠᠶᠢᠴᠤᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
1.jpg
2.jpg
    ᠰᠤᠮᠤᠨ ᠤ ᠤᠳᠤᠷᠢᠳᠤᠯᠭ᠎ᠠ ᠡᠷᠬᠢᠨ ᠦᠵᠡᠵᠦ ᠲᠣᠬᠤᠨᠢᠭᠤᠯᠬᠤ ᠶᠢᠨ ᠬᠠᠮᠲᠤ᠂  ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠪᠠᠶᠢᠳᠠᠯ᠂ ᠠᠮᠤᠷ ᠲᠦᠪᠰᠢᠨ ᠠᠶᠤᠯ ᠲᠦᠭᠰᠢᠭᠦᠷᠢ ᠶᠢᠨ ᠪᠠᠶᠢᠳᠠᠯ᠂ ᠬᠡᠷ ᠪᠦᠯᠢ ᠶᠢᠨ ᠠᠰᠠᠷᠠᠨ ᠲᠡᠵᠢᠭᠡᠭᠰᠡᠨ ᠪᠠᠶᠢᠳᠠᠯ᠂ ᠮᠡᠳᠡᠷᠡᠯ ᠤᠨ ᠡᠪᠡᠳᠴᠢᠨ ᠤ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠠᠩᠬᠠᠷᠴᠤ᠂ ᠨᠠᠰᠤᠲᠠᠶᠢᠴᠤᠳ ᠤᠨ ᠢᠳᠡᠵᠦ ᠡᠮᠦᠰᠬᠦ ᠶᠠᠪᠤᠵᠤ ᠰᠠᠭᠤᠬᠤ ᠡᠮᠴᠢᠯᠡᠭᠡ ᠬᠢᠭᠰᠡᠨ ᠡᠰᠡᠬᠦ ᠵᠡᠷᠭᠡ ᠲᠠᠯ᠎ᠠ ᠶᠢᠨ ᠬᠦᠴᠢᠷᠳᠡᠯ ᠣᠷᠣᠰᠢᠵᠤ ᠪᠠᠶᠢᠬᠤ ᠡᠰᠡᠬᠦ ᠶᠢ ᠣᠶᠢᠯᠠᠭᠠᠪᠠ᠃
3.jpg
    ᠪᠠᠶᠠᠷ ᠤᠨ ᠡᠳᠦᠷ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠪᠠᠷ ᠳᠡᠮᠵᠢᠨ᠂ ᠰᠤᠮᠤᠨ ᠠᠴᠠ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠬᠤᠶᠢᠰᠢᠳᠠ ᠬᠠᠷᠢᠶᠠᠲᠤ ᠣᠷᠣᠨ ᠤ ᠨᠠᠰᠤᠲᠠᠶᠢᠴᠤᠳ ᠲᠤ ᠨᠠᠩ ᠰᠠᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠦᠢᠯᠡᠴᠢᠯᠡᠭᠡᠨ ᠤ ᠡᠬᠢ ᠪᠠᠶᠠᠯᠢᠭ ᠢ ᠵᠣᠯᠭᠠᠭᠤᠯᠬᠤ ᠪᠣᠯᠤᠨ᠎ᠠ᠃
4.jpg    
       
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号