ᠵᠠᠰᠠᠭ ᠤᠨ ᠣᠷᠳᠣᠨ ᠤ ᠠᠵᠢᠯ ᠤᠨ ᠢᠯᠡᠳᠬᠡᠯ | | | — 2025 ᠣᠨ ᠤ 1 ᠰᠠᠷ᠎ᠠ ᠶᠢᠨ 24 ᠤ ᠡᠳᠦᠷ ᠤᠨ ᠠᠯᠠᠱᠠ ᠪᠠᠷᠠᠭᠤᠨ | ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠷᠪᠡᠳᠦᠭᠡᠷ ᠬᠤᠷᠠᠯᠳᠤᠭᠠᠨ ᠳᠡᠭᠡᠷ᠎ᠡ | ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠵᠢᠶᠠᠩ ᠪᠢᠩ ᠵᠢᠶᠧ | | ᠡᠷᠬᠢᠮ ᠲᠥᠯᠥᠭᠡᠯᠡᠭᠴᠢᠳ ᠡ᠄ | ᠤᠲᠤ ᠪᠢ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ | ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠳᠤ ᠬᠤᠰᠢᠭᠤᠨ ᠤ ᠤᠯᠤᠰ | ᠲᠦᠷᠣ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠤᠨ ᠰᠠᠨᠠᠯ ᠢᠶᠠᠨ ᠲᠤᠷᠠᠳᠬᠤ ᠶᠢ | ᠬᠥᠰᠡᠵᠤ ᠪᠠᠶᠢᠨ᠎ᠠ᠃ | 2024 ᠣᠨ ᠤ ᠠᠵᠢᠯ ᠤᠨ ᠡᠷᠭᠢᠴᠡᠭᠦᠯᠦᠯ | 2024 ᠤᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠭᠦ | ᠳᠤ ᠠᠩᠬᠠᠷᠤᠯ ᠢᠶᠠᠨ ᠲᠦᠪᠯᠡᠷᠡᠭᠦᠯᠦᠨ᠂ ᠬᠠᠳᠠᠭᠤᠵᠢᠯᠳᠠᠢ ᠪᠠᠷ ᠪᠣᠳᠠᠲᠠᠢ ᠠᠵᠢᠯᠯᠠᠵᠤ᠂ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠦᠷ᠎ᠡ ᠪᠦᠲᠦᠭᠡᠯ | ᠤᠯᠬᠤ ᠶᠢ ᠠᠬᠢᠭᠤᠯᠪᠠ᠃ 2024 ᠤᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 40 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10% | ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.98 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 83.7 % ᠨᠡᠮᠡᠭᠳᠡᠪᠡ︔ 500 ᠲᠦᠮᠡᠨ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 52.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 5.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 2.5% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 54653 ᠲᠥᠭᠦᠷᠢᠭ ᠪᠠ 32504 ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.9 % ᠪᠠ 4.9 % ᠪᠠᠷ ᠨᠡᠮᠡᠭᠳᠡᠪᠡ᠃ | —— ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠰᠢᠨ᠎ᠡ ᠬᠥᠳᠡᠯᠭᠡᠬᠦ ᠴᠢᠨᠠᠷ ᠢ | ᠪᠠᠶᠡᠯᠡᠭᠦᠯᠪᠡ᠃ ᠲᠡᠮᠡᠭᠡᠨ ᠤ ᠠᠵᠤ ᠦᠢᠯᠡᠰ ᠤᠨ ᠪᠥᠬᠦ ᠬᠡᠯᠬᠢᠶ᠎ᠡ ᠪᠥᠬᠦ ᠰᠢᠰᠲ᠋ᠧᠮ ᠤᠨ ᠬᠥᠭᠵᠢᠯᠲᠡ ᠱᠠᠲᠤᠴᠢ | ᠴᠢᠨᠠᠷᠲᠠᠶ ᠠᠬᠢᠴᠠ ᠲᠠᠢ ᠪᠣᠯᠵᠣ᠂ ᠡᠬᠢ ᠡᠭᠦᠰᠦᠯ ᠤᠨ ᠰᠠᠭᠤᠷᠢ ᠶᠢ ᠰᠠᠶᠢᠲᠤᠷ ᠲᠠᠯᠪᠢᠬᠤ ᠠᠴᠠ ᠦᠢᠯᠡᠳᠪᠦᠷᠢᠯᠡᠵᠦ | ᠡᠳ᠋ᠰᠢᠭᠦᠯᠬᠦ ᠶᠢ ᠬᠦᠴᠦᠷᠬᠡᠭᠵᠢᠭᠦᠯᠬᠦ᠂ ᠣᠷᠣᠨ ᠪᠦᠰᠡ ᠶᠢᠨ ᠳᠠᠪᠠᠭᠤᠯᠢᠭ ᠨᠠᠷᠠᠲᠤ ᠲᠡᠮᠳᠡᠭ ᠢ ᠪᠣᠶ ᠪᠣᠯᠭᠠᠬᠤ | ᠪᠥᠳᠥᠴᠡ ᠶᠢᠨ ᠬᠡᠯᠪᠡᠷᠢ ᠶᠢ ᠠᠯᠬᠤᠮ ᠠᠯᠬᠤᠮ ᠢᠶᠠᠷ ᠬᠤᠪᠢᠷᠠᠭᠤᠯᠬᠤ ᠶᠢ ᠤᠷᠤᠭᠰᠢᠲᠠᠶ ᠪᠠᠶᠡᠯᠡᠭᠦᠯᠪᠡ᠃ ᠠᠯᠠᠱᠠ | ᠶᠢᠨ ᠣᠳᠤᠭᠢᠴᠢᠯᠠᠭᠰᠠᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠠᠯᠠ ᠣᠷᠣᠭᠤᠯᠤᠯᠲᠠ ᠶᠢ 1 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ᠂ ᠡᠨᠧᠷᠭᠢ ᠶᠢᠨ ᠲᠥᠪ᠂ | ᠭᠥᠢᠳᠡᠨ ᠬᠡᠯᠬᠢᠶᠡᠲᠦ ᠡᠳ᠋ ᠪᠠᠷᠠᠭᠠᠨ ᠤ ᠭᠥᠢᠯᠭᠡᠭᠡᠨ ᠤ ᠲᠥᠪ ᠵᠡᠷᠭᠡ ᠢᠵᠢ ᠪᠥᠷᠢᠳᠦᠭᠦᠯᠬᠦ ᠰᠠᠭᠤᠷᠢ | ᠲᠥᠬᠦᠭᠡᠷᠦᠮᠵᠢ ᠶᠢᠨ ᠪᠠᠶᠢᠭᠤᠯᠤᠨ ᠪᠦᠲᠦᠭᠡᠭᠰᠡᠨ ᠨᠣᠷᠮ᠎ᠠ 82 % ᠳᠤ ᠬᠥᠷᠪᠡ᠃ ᠲᠡᠮᠡᠭᠡᠨ ᠰᠦ ᠶᠢᠨ ᠭᠠᠷᠤᠯᠲᠠ | 9000 ᠲᠣᠨ ᠭᠠᠳᠤᠯᠵᠤ᠂ ᠲᠡᠮᠡᠭᠡᠨ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠳᠭᠦᠨ ᠤ ᠥᠷᠲᠡᠭ 19.75 | ᠳ᠋ᠦᠩᠰᠢᠭᠤᠷ ᠲᠥᠭᠦᠷᠢᠭ ᠲᠤ ᠭᠥᠷᠪᠡ᠃ ᠢ ᠯᠢ ᠪᠦᠯᠦᠭᠯᠡᠯ ᠯᠦᠭᠡ ᠶᠢᠨ ᠬᠠᠷᠢᠯᠴᠠᠭ᠎ᠠ ᠤᠯᠠᠮ ᠨᠢᠭᠡ ᠠᠯᠬᠤᠮ | ᠭᠥᠨᠵᠡᠭᠡᠶᠢᠷᠡᠵᠤ᠂ ︽ᠠᠯᠠᠱᠠ ᠪᠠᠷᠠᠭᠤᠨ ᠬᠤᠰᠢᠭᠤᠨ ᠤ ᠢᠩᠭᠡᠨ ᠰᠦ︾ ᠨᠢ ︽ᠥᠪᠤᠷ ᠮᠤᠩᠭᠤᠯ ᠲᠡᠮᠳᠡᠭ︾ ᠤᠨ | ᠭᠡᠷᠡᠴᠢᠯᠡᠯ ᠢ ᠣᠯᠵᠤ᠂ ᠱᠠ ᠮᠥᠸᠧ ᡁᠢ ᠱᠧᠨ ᠺᠤᠮᠫᠠᠨᠢ᠂ ᠱᠧᠨ ᠲᠦᠸᠧ ᠰᠦ ᠶᠢᠨ ᠦᠢᠯᠡᠰ ᠤᠨ ᠺᠤᠮᠫᠠᠨᠢ ᠨᠢ | ᠠᠩᠬᠠᠨ ᠤ ᠭᠡᠷᠡᠴᠢᠯᠡᠯ ᠤᠨ ᠠᠵᠤ ᠠᠬᠤᠶᠢᠯᠠᠯ ᠪᠣᠯᠪᠠ᠃ 110 ᠰᠠᠭᠤᠷᠢ ᠪᠠᠷᠢᠮᠵᠢᠶᠠᠵᠢᠭᠰᠠᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠱᠠ ᠮᠥᠸᠧ ᡁᠢ | ᠱᠧᠨ ᠺᠤᠮᠫᠠᠨᠢ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠲᠤᠯᠤᠭᠠᠶᠢᠯᠠᠭᠴᠢ ᠠᠵᠤ | ᠠᠬᠤᠶᠢᠯᠠᠯ ᠢᠶᠠᠷ ᠨᠡᠷᠡᠯᠡᠭᠳᠡᠨ᠂ ︽ᠳᠤᠮᠳᠠᠳᠤ ᠤᠯᠤᠰ ᠤᠨ ᠨᠢᠭᠡ ᠰᠢᠶᠠᠩ ᠨᠢᠭᠡ ᠪᠦᠲᠦᠭᠡᠭᠳᠡᠬᠦᠨ︾ ᠠᠯᠠᠱᠠ | ᠪᠠᠷᠠᠭᠤᠨ ᠬᠤᠰᠢᠭᠤᠨ ᠤ ᠵᠢᠱᠢᠶ᠎ᠡ ᠦᠵᠡᠭᠦᠯᠬᠦ ᠬᠤᠰᠢᠭᠤ ᠵᠢᠩᠬᠢᠨᠢ ᠪᠠᠷ ᠫᠠᠶᠢᠰᠠ ᠡᠯᠭᠦᠵᠦ᠂ ︽ᠪᠦᠬᠦ ᠤᠯᠤᠰ ᠤᠨ | ᠤᠳᠤ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠪᠠ᠃ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠲᠡᠮᠡᠭᠡ ᠲᠡᠵᠢᠭᠡᠨ ᠦᠷᠡᠵᠢᠭᠦᠯᠬᠦ ᠬᠡᠪᠴᠢᠶ᠎ᠡ ᠶᠢ | ᠥᠷᠭᠡᠳᠬᠡᠬᠦ᠂ ᠰᠦ ᠶᠢᠨ ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠴᠢᠩᠭᠠᠳᠬᠠᠬᠤ ᠵᠡᠷᠭᠡ ᠪᠠᠷ ᠭᠤᠤᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ 27 ᠲᠥᠷᠥᠯ ᠵᠦᠢᠯ ᠢ ᠪᠦᠬᠦᠨ ᠢ ᠨᠠᠶᠢᠳᠠᠪᠤᠷᠢᠵᠢᠭᠤᠯᠪᠠ᠃ ᠲᠡᠮᠡᠭᠡᠨ ᠤ ᠠᠵᠤ | ᠦᠢᠯᠡᠰ ᠢ ᠬᠥᠭᠵᠢᠭᠦᠯᠬᠦ ᠪᠠᠷ ᠭᠤᠤᠯᠯᠠᠭᠤᠯᠤᠭᠰᠠᠨ ᠭᠠᠴᠠᠭᠠᠨ ᠤ ᠬᠠᠮᠲᠤ ᠶᠢᠨ ᠠᠵᠤ ᠠᠬᠤᠢ ᠦᠳᠲᠡᠷ ᠲᠦᠷᠭᠡᠨ | ᠳᠡᠭᠡᠭᠰᠢᠯᠡᠵᠦ᠂ ᠪᠦᠬᠦ ᠬᠤᠰᠢᠭᠤᠨ ᠤ 40 ᠭᠠᠴᠠᠭᠠᠨ ᠤ ᠵᠢᠯ ᠤᠨ ᠳᠤᠮᠳᠠᠴᠢ ᠣᠷᠣᠯᠭ᠎ᠠ ᠨᠢ 30 ᠲᠦᠮᠡᠨ | ᠲᠥᠭᠦᠷᠢᠭ ᠲᠤ ᠭᠥᠷᠪᠡ᠃ ᠪᠦᠬᠦ ᠬᠤᠰᠢᠭᠤᠨ ᠤ ᠲᠠᠷᠢᠶᠠᠯᠠᠬᠤ ᠲᠠᠯᠠᠪᠠᠢ ᠶᠢ 4 ᠲᠦᠮᠡᠨ ᠮᠦ ᠠᠴᠠ ᠳᠡᠭᠡᠭᠰᠢ ᠪᠠᠶᠢᠬᠤ | ᠶᠢ ᠪᠠᠳᠤᠯᠠᠨ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠡᠮᠬᠢ ᠴᠡᠭᠴᠡ ᠲᠠᠢ ᠪᠠᠶᠢᠯᠭᠠᠵᠤ᠂ ᠨᠠᠷᠢᠯᠢᠭ | ᠪᠣᠷᠳᠣᠭᠠᠨ ᠤ ᠦᠢᠯᠡᠴᠢᠯᠡᠭᠡᠨ ᠤ ᠬᠡᠪᠴᠢᠶ᠎ᠡ ᠦᠷᠭᠦᠯᠵᠢᠯᠡᠨ ᠥᠷᠭᠡᠳᠭᠡᠨ᠂ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠵᠤ ᠠᠮᠵᠢᠯᠲᠠ ᠲᠠᠢ ᠲᠤᠷᠰᠢᠨ ᠦᠢᠯᠡᠳᠪᠦᠷᠢᠯᠡᠵᠦ᠂ ᠲᠠᠷᠢᠵᠤ ᠲᠡᠵᠢᠭᠡᠬᠦ ᠶᠢ | ᠤᠶᠠᠯᠳᠤᠭᠤᠯᠤᠭᠰᠠᠨ ᠵᠠᠭᠪᠤᠷ ᠰᠢᠨ᠎ᠡ ᠠᠬᠢᠴᠠ ᠲᠠᠢ ᠪᠣᠯᠪᠠ᠃ | —— ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠰᠢᠨ᠎ᠡ ᠦᠰᠦᠷᠦᠯᠲᠡ ᠶᠢ ᠪᠡᠶᠡᠯᠡᠭᠦᠯᠪᠡ᠃ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠨᠢᠭᠡᠳᠦᠭᠡᠷ ᠤᠶᠢᠯᠡᠳᠪᠤᠷᠢᠯᠡᠯ ᠤᠨ ᠱᠤᠭᠤᠮ ᠤᠨ ᠲᠥᠷᠥᠯ ᠵᠦᠢᠯ | ᠪᠦᠬᠦᠨ ᠢᠶᠠᠷ ᠢᠶᠠᠨ ᠠᠰᠢᠭᠯᠠᠯᠲᠠ ᠳᠤ ᠣᠷᠣᠵᠤ᠂ ᠪᠦᠬᠦ ᠵᠢᠯ ᠳᠤ 456.4 ᠲᠦᠮᠡᠨ ᠲᠣᠨ ᠬᠤᠵᠢᠷ | ᠤᠶᠢᠯᠡᠳᠪᠤᠷᠢᠯᠡᠨ᠂ ᠦᠢᠯᠡᠳᠬᠦᠨ ᠤ ᠥᠷᠲᠡᠭ ᠢ 72.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ | ᠤᠯᠤᠰ ᠤᠨ ᠬᠠᠮᠤᠭ ᠤᠨ ᠶᠡᠭᠡ ᠪᠠᠶᠢᠭᠠᠯᠢ ᠶᠢᠨ ᠬᠤᠵᠢᠷ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | ᠥᠪᠥᠷ ᠮᠣᠩᠭᠤᠯ ᠤᠨ ᠪᠥᠸᠧ ᠶᠤᠸᠠᠨ ᠶᠢᠨ ᠭᠧᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠥᠬᠦ | ᠠᠶᠢᠮᠠᠭ ᠤᠨ ᠠᠩᠬᠠᠳᠠᠭᠴᠢ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ | ᠥᠨᠡᠯᠡᠭᠳᠡᠨ᠂ ᠬᠤᠶᠠᠳᠤᠭᠠᠷ ᠤᠶᠢᠯᠡᠳᠪᠤᠷᠢᠯᠡᠯ ᠤᠨ ᠱᠤᠭᠤᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠬᠠᠭᠠᠰ ᠢ ᠭᠠᠳᠤᠯᠵᠤ᠂ ᠠᠷᠪᠠᠨ ᠤᠰᠤᠳᠤ ᠨᠡᠭᠦᠷᠡᠰᠤᠨ ᠭᠥᠴᠢᠯ ᠤᠨ ᠨᠠᠲᠷᠢ ᠤᠨ | ᠱᠦᠯᠲᠦᠯᠢᠭ ᠰᠢᠩᠭᠡᠨ ᠢ ᠡᠷᠭᠢᠯᠳᠦᠭᠦᠯᠦᠨ ᠠᠰᠢᠭᠯᠠᠬᠤ ᠵᠡᠷᠭᠡ ᠨᠢᠭᠡ ᠪᠦᠯᠦᠭ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃ | ᠶᠠᠪᠠᠷᠠᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠲᠣᠭᠲᠠᠭᠤᠨ ᠢᠶᠠᠷ ᠡᠮᠬᠢ ᠳᠢᠭᠯᠢᠮ ᠲᠠᠢ ᠦᠢᠯᠡᠳᠪᠦᠷᠢᠯᠡᠵᠦ᠂ ᠠᠭᠤᠷᠬᠠᠢ ᠶᠢᠨ ᠠᠮᠤᠷ ᠲᠦᠪᠰᠢᠨ | ᠬᠥᠭᠵᠢᠯᠲᠡ ᠶᠢᠨ ᠲᠦᠪᠰᠢᠨ ᠪᠦᠲᠦᠮᠵᠢᠲᠡᠢ ᠳᠡᠭᠡᠭᠰᠢᠯᠡᠪᠡ᠃ ᠮᠧᠩ ᠨᠸᠡᠭ ᠺᠤᠮᠫᠠᠨᠢ ᠶᠢᠨ 100 ᠲᠦᠮᠡᠨ | ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠲᠥᠷᠥᠯ ᠵᠦᠢᠯ᠂ ᠶᠠᠪᠠᠷᠠᠢ ᠪᠠᠯᠭᠠᠰᠤᠨ ᠤ 3 MW | ᠲᠠᠷᠬᠠᠯᠲᠠ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠴᠠᠬᠢᠯᠭᠠᠨ ᠲᠤᠤᠷ ᠲᠤ ᠨᠡᠶᠢᠯᠡᠭᠦᠯᠦᠨ ᠴᠠᠬᠢᠯᠭᠠᠨ | ᠭᠠᠷᠭᠠᠵᠤ᠂ ᠠᠩᠬᠠᠳᠠᠭᠴᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠭᠦ ᠲᠥᠷᠥᠯ ᠵᠦᠢᠯ ︽ᠴᠢ ᠬᠠᠩ | ᠰᠠᠯᠬᠢᠨ ᠬᠦᠴᠦᠨ ᠤ ᠴᠠᠬᠢᠯᠭᠠᠨ︾ ᠢ ᠠᠰᠢᠭᠯᠠᠯᠲᠠ ᠳᠤ ᠣᠷᠣᠭᠤᠯᠵᠤ᠂ ᠵᠢᠩ ᠰᠢᠨ ᠤᠨ ᠲᠠᠩᠰᠤᠭᠪᠤᠯᠠᠭ ᠰᠤᠮᠤᠨ | ᠳᠠᠬᠢ 40 ᠲᠦᠮᠡᠨ ᠺᠢᠯᠣᠸᠠᠲ ᠤᠨ ᠡᠯᠡᠰᠦ ᠶᠢ ᠰᠡᠷᠭᠡᠶᠢᠯᠡᠨ ᠵᠠᠰᠠᠬᠤ ᠬᠡᠷᠡᠯ ᠴᠡᠨᠡᠭ ᠤᠨ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠳᠤ 21 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠨᠢ 85.4 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 130.5 % ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 52.8 % ᠨᠡᠮᠡᠭᠳᠡᠪᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ | ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠠᠪᠤᠰᠤ ᠱᠡᠤ᠂ | ᠠᠯᠲᠠ ᠵᠡᠰ᠂ ᠴᠠᠬᠢᠭᠤᠷ ᠵᠡᠷᠭᠡ ᠶᠡᠭᠡ ᠬᠡᠮᠵᠢᠶᠡᠨ ᠤ ᠡᠬᠢ ᠪᠠᠶᠠᠯᠢᠭ ᠢ ᠬᠠᠶᠢᠨ ᠰᠢᠨᠵᠢᠬᠦ᠂ ᠰᠢᠯᠵᠢᠭᠦᠯᠦᠨ ᠥᠭᠬᠦ | ᠠᠵᠢᠯ ᠴᠢᠬᠤᠯᠠ ᠠᠬᠢᠴᠠ ᠲᠠᠢ ᠪᠣᠯᠵᠤ᠂ ᠮᠠᠨ ᠱᠢ ᠪᠥᠯᠥᠭᠯᠡᠯ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠨᠢ | ᠮᠠᠨ ᠤ ᠬᠤᠰᠢᠭᠤ ᠲᠠᠢ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠯᠳᠤᠬᠤ ᠪᠣᠳᠣᠯᠭ᠎ᠠ ᠶᠢᠨ ᠰᠠᠨᠠᠮᠵᠢ ᠲᠠᠢ ᠪᠣᠯᠵᠤ᠂ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ | ᠨᠡᠭᠦᠷᠡᠰᠦᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ | ᠨᠤᠲᠠᠯᠠᠯᠲᠠ ᠬᠢᠬᠦ ᠱᠠᠲᠤᠨ ᠳᠤ ᠣᠷᠣᠵᠤ᠂ ᠲᠠᠢ ᠰᠢᠩ ᠨᠡᠭᠦᠷᠡᠰᠦᠨ ᠠᠭᠤᠷᠬᠠᠶ ᠶᠢᠨ ᠵᠢᠯ ᠳᠤ 90 ᠲᠥᠮᠡᠨ ᠲᠤᠨ | ᠥᠢᠯᠡᠳᠪᠤᠷᠢᠯᠡᠭᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠡᠮᠬᠢ ᠵᠢᠷᠤᠮ ᠲᠠᠢ ᠪᠠᠷ ᠠᠵᠢᠯ ᠢᠶᠠᠨ | ᠰᠡᠷᠭᠦᠭᠡᠪᠡ᠃ ᠲᠠᠩᠰᠤᠭᠪᠤᠯᠠᠭ ᠠᠵᠤ ᠦᠢᠯᠡᠳᠪᠦᠷᠢ ᠶᠢᠨ ᠭᠥᠷᠢᠶᠡᠯᠡᠩ ᠤᠨ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠪᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠵᠤ᠂ | ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠬᠢᠯᠢ ᠶᠢᠨ ᠠᠷᠠᠳ ᠤᠨ ᠦᠢᠯᠡᠴᠢᠯᠡᠭᠡᠨ ᠤ ᠲᠥᠪ ᠵᠡᠷᠭᠡ ᠰᠠᠭᠤᠷᠢ ᠲᠥᠭᠦᠭᠡᠷᠤᠮᠵᠢ | ᠶᠢᠨ ᠢᠨᠵᠧᠨᠧᠷᠢᠩ ᠢ ᠱᠠᠯᠠᠪᠳᠠᠨ ᠠᠬᠢᠭᠤᠯᠪᠠ᠃ | —— ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠰᠢᠨ᠎ᠡ ᠵᠠᠮ ᠢ ᠨᠡᠭᠡᠭᠡᠪᠡ᠃ | ᠬᠠᠷᠠᠰᠤᠬᠠᠢ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ | ᠲᠠᠩᠰᠤᠭᠪᠤᠯᠠᠭ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠲᠥᠪ᠂ ᠮᠠᠨᠳᠤᠯ ᠠᠭᠤᠯᠠ ᠶᠢᠨ | ᠬᠠᠲᠠᠨ ᠵᠢᠷᠤᠭ ᠢ ᠬᠠᠮᠠᠭᠠᠯᠠᠨ ᠠᠰᠢᠭᠯᠠᠬᠤ ᠵᠡᠷᠭᠡ ᠰᠣᠶᠣᠯ ᠵᠢᠭᠤᠯᠴᠢᠯᠠᠯ ᠤᠨ ᠭᠥᠷᠢᠶᠡᠨ ᠳᠠᠬᠢ ᠭᠤᠤᠯᠳᠠᠯᠭ᠎ᠠ ᠲᠠᠢ | ᠲᠥᠷᠥᠯ ᠵᠦᠢᠯ ᠢ ᠠᠬᠢᠴᠠ ᠲᠠᠢ ᠪᠠᠷ ᠪᠥᠳᠥᠭᠡᠨ ᠪᠠᠶᠢᠭᠤᠯᠪᠠ᠃ ᠪᠠᠳᠠᠶ ᠶᠢᠨ ᠵᠢᠷᠠᠨ ᠤ ᠡᠯᠡᠰᠦᠨ ᠴᠥᠯ ᠤᠨ 5A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠵᠣ | ᠂ ᠡᠯᠡᠰᠦᠨ ᠴᠥᠯ ᠤᠨ ᠭᠠᠵᠠᠷ ᠰᠢᠨᠵᠢᠯᠡᠭᠡᠨ ᠤ ᠴᠡᠴᠡᠷᠯᠢᠭ ᠠᠴᠠ ᠪᠠᠳᠠᠶ ᠨᠠᠭᠤᠷ ᠬᠥᠷᠬᠦ ᠵᠠᠰᠠᠮᠠᠯ ᠵᠠᠮ ᠵᠡᠷᠭᠡ ᠰᠠᠭᠤᠷᠢ | ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠪᠡ᠃ ᠭᠡᠭᠡᠷᠡᠯᠡᠨ ᠠᠶᠠᠯᠠᠬᠤ e ᠠᠩᠭᠢ ᠵᠡᠷᠭᠡ ᠨᠠᠷᠠᠲᠤ ᠰᠣᠶᠣᠯ | ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠥᠨᠵᠡᠭᠡᠶᠢᠷᠡᠭᠦᠯᠵᠤ᠂ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ | ᠬᠤᠷᠢᠳᠤᠭᠠᠷ ᠬᠤᠭᠤᠴᠠᠭᠠᠨ ᠤ ᠪᠠᠳᠠᠶ ᠶᠢᠨ ᠵᠢᠷᠠᠨ ᠡᠯᠡᠰᠦᠨ ᠴᠥᠯ ᠤᠨ ᠰᠣᠶᠣᠯ ᠵᠢᠭᠤᠯᠴᠢᠯᠠᠯ ᠤᠨ ᠨᠠᠶᠢᠷ᠂ 19 | ᠳ᠋ᠦᠭᠡᠷ ᠬᠤᠭᠤᠴᠠᠭᠠᠨ ᠤ ᠭᠡᠭᠡᠷᠡᠯᠡᠨ ᠠᠶᠠᠯᠠᠬᠤ e ᠠᠩᠭᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ︽ | ᠪᠠᠳᠠᠶ ᠶᠢᠨ 100︾ ᠰᠢᠷᠢᠰ ᠤᠷᠤᠯᠳᠤᠭᠠᠨ᠂ ᠪᠠᠳᠠᠢ ᠶᠢᠨ ᠲᠦᠷᠦᠭᠦᠴᠦᠳ ᠤᠨ ᠬᠤᠷᠠᠯ ᠵᠡᠷᠭᠡ ᠰᠢᠷᠢᠰ ᠰᠣᠶᠣᠯ | ᠵᠢᠭᠤᠯᠴᠢᠯᠠᠯ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ︽ᠠᠭᠠᠷ ᠤᠨ ᠲᠤᠤᠷ᠎ᠠ ᠠᠶᠠᠯᠠᠯ + ᠪᠦᠬᠦ | ᠴᠠᠷᠠᠭ᠎ᠠ ᠶᠢᠨ ᠵᠤᠭᠠᠴᠠᠯ︾ ᠤᠨ ᠣᠷᠴᠢᠨ ᠲᠣᠭᠤᠷᠢᠨ ᠤ ᠬᠡᠷᠡᠭᠯᠡᠭᠡ ᠶᠢ ᠢᠳᠡᠪᠬᠢᠲᠡᠢ ᠥᠷᠭᠡᠳᠬᠡᠨ᠂ ᠪᠦᠬᠦ | ᠠᠶᠢᠮᠠᠭ ᠤᠨ ᠠᠭᠠᠷ ᠤᠨ ᠲᠤᠤᠷ᠎ᠠ ᠠᠶᠠᠯᠠᠯ ᠤᠨ ᠠᠵᠤ ᠠᠬᠤᠢ ᠵᠢᠴᠢ ᠲᠡᠷᠭᠡ ᠬᠥᠰᠬᠡ ᠰᠢᠯᠭᠠᠬᠤ ᠠᠵᠢᠯᠯᠠᠭ᠎ᠠ ᠶᠢ | ᠤᠷᠤᠭᠰᠢᠲᠠᠢ ᠳᠠᠭᠠᠭᠠᠴᠢᠯᠠᠨ ᠡᠷᠬᠢᠯᠡᠵᠦ᠂ ᠡᠭᠴᠡ ᠨᠢᠰᠬᠡᠯ ᠢᠶᠠᠷ ᠲᠣᠭᠤᠷᠢᠨ ᠵᠤᠭᠠᠴᠠᠬᠤ᠂ ᠠᠭᠠᠷ ᠤᠨ ᠠᠶᠠᠯᠠᠯ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠤᠤᠷ᠎ᠠ ᠠᠭᠠᠷ ᠤᠨ ᠵᠢᠭᠤᠯᠴᠢᠯᠠᠯ ᠪᠤᠯᠤᠨ | ᠦᠢᠯᠡᠴᠢᠯᠡᠭᠡᠨ ᠤ ᠲᠥᠷᠥᠯ ᠵᠦᠢᠯ ᠢ ᠤᠷᠢᠨ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠦᠷᠭᠦᠯᠵᠢᠯᠡᠨ ᠥᠷᠭᠡᠳᠬᠡᠪᠡ᠃ ᠪᠦᠬᠦ ᠵᠢᠯ ᠳᠤ ᠡᠯ᠎ᠡ ᠲᠥᠷᠥᠯ ᠤᠨ | ᠵᠤᠭᠠᠴᠠᠭᠰᠠᠳ 325.7 ᠲᠦᠮᠠᠨ ᠬᠥᠮᠦᠨ ᠤᠳᠠᠭ᠎ᠠ ᠲᠡᠳᠡᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ | 25.7 % ᠨᠡᠮᠡᠭᠳᠡᠵᠦ᠂ ᠵᠢᠭᠤᠯᠴᠢᠯᠠᠭᠴᠢᠳ ᠤᠨ ᠶᠡᠷᠦᠩᠬᠡᠢ ᠵᠠᠷᠤᠯᠭ᠎ᠠ 24.9 ᠳ᠋ᠦᠩᠰᠢᠭᠤᠷ ᠲᠥᠭᠦᠷᠢᠭ ᠲᠤ | ᠭᠥᠷᠴᠤ᠂ ᠠᠳᠠᠯᠢ ᠬᠤᠭᠤᠴᠠᠭᠠᠨ ᠤ ᠬᠢ ᠠᠴᠠ 28 % ᠨᠡᠮᠡᠭᠳᠡᠪᠡ᠃ ᠪᠦᠬᠦ ᠤᠯᠤᠰ ᠤᠨ ᠳᠥᠷᠪᠡᠳᠦᠭᠡᠷ | ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠡᠭᠡᠷ᠎ᠡ ᠶᠢᠨ ᠪᠠᠶᠢᠴᠠᠭᠠᠯᠲᠠ ᠶᠢᠨ | ᠠᠵᠢᠯ ᠢ ᠤᠷᠤᠭᠰᠢᠲᠠᠢ ᠪᠡᠶᠡᠯᠡᠭᠦᠯᠵᠦ᠂ 22 ᠲᠡᠦᠬᠡ ᠶᠢᠨ ᠳᠤᠷᠠᠰᠬᠠᠯᠲᠤ ᠵᠦᠢᠯ ᠢ ᠰᠢᠨ᠎ᠡ ᠪᠠᠷ ᠢᠯᠡᠷᠡᠭᠦᠯᠪᠡ᠃ | —— ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠰᠢᠨ᠎ᠡ ᠦᠷ᠎ᠡ ᠪᠦᠲᠦᠮᠵᠢ | ᠤᠯᠪᠠ᠃ ᠲᠥᠷᠦᠯ ᠵᠦᠢᠯ ᠢ ᠠᠳᠬᠤᠨ ᠪᠡᠯᠡ ᠣᠷᠣᠭᠤᠯᠤᠯᠲᠠ ᠶᠢ ᠠᠬᠢᠭᠤᠯᠬᠤ ᠲᠠᠶᠢᠴᠢᠯᠠᠬᠤ ᠦᠢᠯᠡᠳᠦᠯ | ᠦᠷᠭᠦᠯᠵᠢᠯᠡᠨ ᠢᠯᠡᠳᠳᠡ ᠪᠤᠯᠵᠤ᠂ ᠪᠦᠬᠦ ᠵᠢᠯ ᠳᠤ 60 ᠲᠥᠷᠥᠯ ᠤᠨ ᠭᠤᠣᠯᠳᠠᠯᠭ᠎ᠠ ᠲᠠᠢ ᠪᠦᠲᠦᠭᠡᠨ | ᠪᠠᠢᠭᠤᠯᠤᠯᠲᠠ ᠶᠢᠨ ᠲᠥᠷᠦᠯ ᠵᠦᠢᠯ ᠢ ᠴᠠᠭ ᠤᠨ ᠠᠬᠢᠴᠠ ᠪᠠᠷ ᠯᠠᠪᠳᠠᠭᠤᠨ ᠪᠠᠲᠤᠲᠠᠢ ᠲᠥᠯᠬᠢᠨ ᠠᠬᠢᠭᠤᠯᠵᠤ᠂ ᠪᠥᠭᠦ | ᠵᠢᠯ ᠳᠤ 64.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠦᠨᠡᠨᠴᠢ ᠢᠳᠡᠬᠡᠮᠵᠢᠳᠤ | ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ ᠂ 3 ᠠᠵᠤ ᠠᠬᠤᠶᠢᠯᠠᠯ ᠪᠥᠭᠦ ᠤᠷᠤᠨ ᠤ ︽ | ᠦᠨᠡᠨᠴᠢ ᠢᠳᠡᠭᠡᠮᠵᠢ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ︾ ᠢᠶᠠᠷ ᠥᠨᠡᠯᠡᠭᠳᠡᠪᠡ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 105 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠥᠷᠥᠯ | ᠳᠠᠷᠠᠭᠠᠯᠠᠨ ᠨᠠᠶᠢᠳᠠᠪᠤᠷᠢᠵᠢᠭᠤᠯᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠬᠤᠯᠪᠣᠭᠳᠠᠭᠰᠠᠨ 18 ᠵᠦᠢᠯ ᠤᠨ ᠠᠰᠠᠭᠤᠳᠠᠯ ᠢ ᠴᠥᠮ ᠪᠦᠲᠦᠮᠵᠢᠲᠡᠶ | ᠴᠡᠭᠴᠡᠯᠡᠨ ᠰᠠᠶᠢᠵᠢᠷᠠᠭᠤᠯᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ | ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ ᠲᠠᠯᠪᠢᠬᠤ | ᠬᠠᠮᠢᠶᠠᠷᠬᠤ ᠦᠢᠯᠡᠴᠢᠯᠡᠭᠦ︾ ᠵᠡᠷᠭᠡ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ | ᠪᠠᠲᠤᠲᠠᠶ ᠥᠷᠨᠢᠭᠦᠯᠥᠨ᠂ ︽ᠦᠨᠡᠮᠯᠡᠯ ᠥᠬᠡᠶ ᠪᠠᠷ ᠪᠡᠶᠡᠯᠡᠭᠦᠯᠭᠦ︾ ᠵᠦᠢᠯᠡᠰ 742 ᠲᠥᠷᠥᠯ ᠳᠤ ᠬᠦᠷᠴᠦ᠂ | ᠰᠦᠯᠵᠢᠶᠡᠨ ᠳᠡᠭᠡᠷ᠎ᠡ ᠭᠦᠢᠴᠡᠳᠭᠡᠬᠦ ᠵᠦᠢᠯᠡᠰ ᠤᠨ ᠬᠠᠷᠢᠴᠠᠯ 99 % ᠳᠤ ᠬᠦᠷᠴᠦ᠂ ᠪᠥᠬᠦ ᠶᠠᠪᠤᠴᠠ ᠳᠤ | ᠰᠦᠯᠵᠢᠶ᠎ᠡ ᠪᠠᠷ ᠭᠦᠢᠴᠡᠳᠭᠡᠬᠦ ᠬᠠᠷᠢᠴᠠᠯ ᠤᠨ ᠨᠣᠷᠮ᠎ᠠ 93 % ᠳᠤ ᠬᠦᠷᠴᠦ᠂ ︽ᠨᠢᠭᠡ ᠶᠠᠪᠣᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠪᠠ ᠠᠷᠠᠳ | ᠢᠷᠭᠡᠳ ᠤᠨ ᠦᠨᠡᠮᠯᠡᠯ ᠠᠪᠬᠤ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠪᠡ᠃ ᠪᠦᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ 19 | ᠲᠥᠷᠥᠯ ᠪᠡᠶᠡᠯᠡᠭᠦᠯᠤᠨ᠂ ᠣᠷᠣᠨ ᠤ ᠳᠣᠲᠣᠷ᠎ᠠ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 40.7 | ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠤᠷᠤᠨ ᠤ ᠭᠠᠳᠠᠨᠠᠬᠢ ᠪᠡᠯᠡ ᠮᠥᠩᠭᠦ ᠨᠢ ᠠᠳᠠᠯᠢ | ᠬᠤᠭᠤᠴᠠᠭᠠᠨ ᠤ ᠬᠢ ᠠᠴᠠ 6 ᠲᠠᠬᠢᠨ ᠨᠡᠮᠡᠭᠳᠡᠪᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠨᠡ ᠵᠢᠯ ᠳᠤ 28 | ᠰᠢᠨ᠎ᠡ ᠲᠠᠸᠠᠷ ᠤᠨ ᠲᠡᠮᠳᠡᠭ ᠨᠡᠮᠡᠭᠳᠡᠪᠡ᠃ | —— ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠬᠠᠭᠤᠳᠠᠰᠤ ᠶᠢ ᠪᠢᠴᠢᠭᠯᠡᠪᠡ᠃ ︽ | ᠪᠠᠳᠠᠢ ᠶᠢᠨ ᠵᠢᠷᠠᠨ ᠡᠯᠡᠰᠤ — ᠡᠯᠡᠰᠤᠨ ᠴᠤᠬᠢᠶ᠎ᠠ ᠨᠠᠭᠤᠷ ᠪᠦᠷᠢᠳᠤ ᠶᠢᠨ ᠰᠦᠷᠦᠭᠵᠢᠯ︾ ᠢ ︽ᠳᠡᠯᠡᠬᠡᠶ ᠶᠢᠨ | ᠥᠪ ᠤᠨ ᠨᠡᠷᠡᠰ︾ ᠲᠤ ᠠᠮᠵᠢᠯᠲᠠ ᠲᠠᠢ ᠣᠷᠣᠭᠤᠯᠵᠤ᠂ ᠮᠠᠨ ᠤ ᠤᠯᠤᠰ ᠤᠨ ᠳᠡᠯᠡᠬᠡᠶ ᠶᠢᠨ ᠪᠠᠶᠢᠭᠠᠯᠢ ᠶᠢᠨ | ᠥᠪ ᠤᠨ ᠬᠤᠭᠤᠰᠣᠨ ᠢ ᠨᠥᠬᠦᠪᠥᠷᠢᠯᠡᠪᠡ᠃ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ | ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠵᠦ᠂ ︽ᠡᠾᠧᠰᠢ ᠶᠢᠨ ᠬᠤᠩᠭᠢᠯ — ᠲᠠᠺᠯᠧᠮᠭᠠᠶᠢᠨ ᠡᠯᠡᠰᠦᠨ ᠴᠦᠯ ᠤᠨ | ᠬᠥᠪᠡᠭᠡ ᠬᠢᠵᠠᠭᠠᠷ ᠤᠷᠤᠨ ᠤ ᠡᠯᠡᠰᠤ ᠶᠢ ᠰᠡᠷᠭᠡᠶᠢᠯᠡᠭᠦ ᠲᠠᠶᠢᠯᠠᠯᠳᠤᠭᠠᠨ︾ ᠤ ᠪᠥᠭᠦ ᠵᠢᠯ ᠤᠨ ᠡᠭᠦᠷᠭᠡ ᠪᠠᠨ ᠪᠥᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠥᠯᠡᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠵᠠᠰᠠᠬᠤ ᠡᠭᠦᠷᠭᠡ ᠶᠢ 201. | 85 ᠲᠦᠮᠡᠨ ᠮᠦ ᠪᠡᠶᠡᠯᠡᠭᠦᠯᠪᠡ᠃ ᠭᠠᠨᠰᠦ ᠮᠤᠵᠢ ᠶᠢᠨ ᠮᠢᠨ ᠴᠢᠨ ᠰᠢᠶᠠᠨ ᠲᠠᠢ ᠥᠪᠥᠷ ᠮᠣᠩᠭᠤᠯ ᠭᠠᠨᠰᠦ ᠶᠢᠨ | ᠬᠢᠯᠢ ᠬᠢᠵᠠᠭᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠵᠤ᠂ ᠪᠠᠳᠠᠢ ᠶᠢᠨ ᠵᠢᠷᠠᠨ᠂ ᠲᠩᠷᠢ ᠡᠯᠡᠰᠤ ᠬᠤᠶᠠᠷ ᠶᠡᠭᠡ ᠡᠯᠡᠰᠦᠨ ᠴᠦᠯ ᠤᠨ ᠠᠭᠤᠯᠵᠠᠷ ᠢ ᠬᠠᠮᠲᠤ ᠪᠠᠷ | ᠬᠤᠷᠢᠭᠯᠠᠨ ᠬᠠᠰᠢᠬᠤ ᠠᠵᠢᠯ ᠢᠳᠡᠪᠬᠢᠲᠡᠢ ᠪᠣᠳᠠᠲᠤ ᠦᠷ᠎ᠡ ᠪᠦᠲᠦᠮᠵᠢ ᠤᠯᠪᠠ᠃ ᠬᠥᠬᠡ ᠣᠭᠲᠠᠷᠭᠤᠶ ᠬᠥᠬᠡᠮᠳᠦᠭ | ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠠᠬᠢᠭᠤᠯᠵᠤ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠪᠠ ᠣᠶ ᠶᠢᠨ ᠳᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠶ | ᠨᠠᠶᠢᠳᠡᠪᠤᠷᠢᠵᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠤᠰᠤᠨ | ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠪᠥᠲᠥᠭᠡᠨ ᠪᠠᠶᠢᠭᠤᠯᠬᠤ ᠵᠡᠷᠭᠡ ᠤᠰᠤᠨ ᠠᠰᠢᠭᠯᠠᠯᠲᠠ ᠶᠢᠨ | ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ | ᠡᠭᠦᠳᠦᠨ ᠪᠠᠶᠢᠭᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠳᠠᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠪᠥᠬᠦ ᠬᠤᠰᠢᠭᠤᠨ ᠤ ᠡᠯ᠎ᠡ ᠬᠦᠷᠢᠶᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ | —— ᠠᠷᠠᠳ ᠤᠨ ᠠᠮᠢᠳᠤᠷᠠᠯ ᠤᠨ ᠪᠠᠲᠤᠯᠠᠭ᠎ᠠ ᠰᠢᠨ᠎ᠡ ᠳᠡᠭᠲᠡᠷ ᠲᠤ ᠭᠠᠷᠪᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠢᠨ ᠬᠠᠷᠢᠴᠠᠯ 70.4% ᠳᠤ | ᠬᠥᠷᠴᠤ᠂ ᠬᠤᠲᠠ ᠬᠥᠳᠡᠭᠡ ᠶᠢᠨ ᠠᠷᠠᠳ ᠲᠤ ᠲᠥᠬᠦᠮ ᠦᠵᠡᠭᠦᠯᠬᠦ ᠨᠡᠶᠢᠲᠡ ᠶᠢᠨ ᠮᠠᠰᠢᠨ ᠲᠡᠷᠭᠡ ᠨᠡᠪᠳᠡᠷᠡᠭᠦ ᠵᠡᠷᠭᠡ | 15 ᠬᠤᠪᠢ ᠠᠷᠠᠳ ᠲᠤ ᠪᠣᠳᠠᠲᠠᠢ ᠠᠵᠢᠯ ᠭᠢᠭᠦ ᠲᠥᠷᠥᠯ ᠵᠦᠢᠯ ᠢ ᠪᠦᠬᠦᠨ ᠢ ᠨᠠᠶᠢᠳᠠᠪᠤᠷᠢᠵᠢᠭᠤᠯᠤᠨ᠂ 2.24 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 86.6 % | ᠪᠠᠷ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠭᠤᠷᠪᠠᠨ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠡᠯ᠎ᠡ | ᠲᠥᠷᠥᠯ ᠤᠨ ᠠᠵᠢᠯ ᠣᠯᠤᠭᠰᠠᠳ 882 ᠭᠦᠮᠦᠨ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 5 % ᠶᠢᠨ ᠲᠤᠳᠤᠷ᠎ᠠ ᠬᠢᠵᠠᠭᠠᠷᠯᠠᠪᠠ᠃ ᠳᠤᠯᠠᠭᠠᠯᠠᠭ᠎ᠠ ᠶᠢᠨ ᠢᠨᠵᠧᠨᠧᠷᠢᠩ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠪᠠᠳᠠᠢ ᠶᠢᠨ ᠵᠢᠷᠠᠨ ᠪᠠᠯᠭᠠᠰᠤᠨ ᠤ ᠭᠠᠵᠠᠷ ᠳᠣᠣᠷᠠᠬᠢ ᠬᠤᠲᠠ ᠶᠢᠨ ᠶᠠᠪᠤᠳᠠᠯ ᠤᠨ ᠲᠣᠣᠷ | ᠬᠤᠭᠤᠯᠠᠢ ᠶᠢ ᠥᠭᠡᠷᠡᠴᠢᠯᠡᠨ ᠪᠠᠶᠢᠭᠤᠯᠬᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ᠂ | ᠣᠯᠠᠨ ᠨᠡᠶᠢᠲᠡ ᠶᠢᠨ ᠣᠷᠣᠨ ᠪᠦᠰᠡ ᠶᠢ ᠭᠡᠷᠡᠯᠳᠤᠭᠦᠯᠵᠤ ᠭᠤᠶᠤᠵᠢᠭᠤᠯᠬᠤ ᠵᠢᠴᠢ ᠭᠠᠴᠠᠭᠠᠨ ᠳᠤ ᠴᠠᠬᠢᠯᠭᠠᠨ | ᠨᠡᠪᠲᠡᠷᠡᠭᠦᠯᠬᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠡᠷᠭᠡ ᠬᠤᠲᠠ ᠬᠥᠳᠡᠭᠡ ᠶᠢᠨ | ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠲᠥᠷᠥᠯ ᠵᠦᠢᠯ ᠢ ᠥᠷᠭᠦᠯᠵᠢᠯᠡᠨ ᠪᠥᠳᠤᠭᠡᠨ ᠪᠠᠶᠢᠭᠤᠯᠪᠠ᠃ | ᠬᠢᠯᠢ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠠᠩᠭᠠᠬᠤ᠂ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠵᠠᠮ᠂ | ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠵᠡᠷᠭᠡ ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ | ᠰᠠᠭᠤᠷᠢ ᠪᠥᠳᠥᠭᠡᠨ ᠪᠠᠶᠢᠭᠤᠯᠤᠯᠳᠠ ᠶᠢ ᠲᠡᠭᠦᠯᠳᠡᠷᠵᠢᠭᠦᠯᠪᠡ᠃ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠥᠨᠳᠤᠷ ᠲᠡᠭᠡᠳᠤ ᠶᠢᠨ ᠵᠢᠭᠠᠨ ᠰᠤᠷᠭᠠᠯᠲᠠ ᠶᠢᠨ ᠠᠰᠠᠷ ᠢ ᠡᠬᠢᠯᠡᠨ ᠪᠠᠶᠢᠭᠤᠯᠵᠤ᠂ ᠰᠤᠷᠭᠠᠨ ᠬᠥᠮᠦᠵᠢᠯ ᠤᠨ ᠶᠠᠰᠤ | ᠴᠢᠨᠠᠷ ᠢ ᠶᠡᠷᠦᠩᠬᠡᠶᠢᠯᠡᠨ ᠳᠡᠭᠡᠭᠰᠢᠯᠡᠭᠦᠯᠬᠦ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠵᠦ᠂ ︽ᠬᠦᠰᠡᠯ ᠵᠡᠭᠦᠳᠦ ᠪᠠᠨ | ᠲᠡᠷᠭᠡᠯᠰᠢᠭᠦᠯᠬᠦ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ︾ ᠢ ᠪᠠᠶᠢᠭᠤᠯᠪᠠ᠃ | ᠳᠤᠮᠳᠠᠳᠤ ᠪᠠᠭ᠎ᠠ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠬᠢᠴᠢᠶᠡᠯ | ᠲᠥᠷᠥᠯ ᠢᠶᠠᠷ ᠪᠥᠷᠭᠦᠭᠦᠯᠭᠦ ᠶᠢ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠪᠡ᠃ ︽ ᠶᠢᠨ ᠴᠠᠩ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶᠠᠨ ᠤ ᠠᠯᠠᠱᠠ ᠪᠠᠷᠠᠭᠤᠨ ᠬᠤᠰᠢᠭᠤᠨ ᠤ ᠬᠤᠯᠪᠣᠭᠠᠲᠤ ᠡᠮᠨᠡᠯᠭᠡ ᠶᠢᠨ ᠬᠤᠷᠢᠶ᠎ᠠ︾ | ᠫᠠᠶᠢᠰᠠ ᠡᠯᠭᠦᠨ ᠪᠠᠶᠢᠭᠤᠯᠤᠭᠳᠠᠵᠤ᠂ ᠬᠡᠳᠣ ᠲᠠᠭᠤᠨ ᠲᠣᠯᠬᠢᠶᠠᠨ ᠤ ᠪᠠᠶᠢᠴᠠᠭᠠᠯᠳᠠ᠂ ᠴᠢᠰᠤ ᠨᠡᠪᠴᠢᠭᠦᠯᠦᠨ | ᠢᠯᠭᠠᠷᠠᠭᠤᠯᠬᠤ ᠵᠡᠷᠭᠡ ᠣᠨᠣᠰᠢᠯᠠᠨ ᠡᠮᠨᠡᠬᠦ ᠠᠷᠭ᠎ᠠ ᠪᠠᠷᠢᠯ ᠲᠠᠰᠤᠷᠠᠯᠲᠠ ᠥᠬᠡᠶ ᠴᠢᠩᠭᠠᠷᠠᠵᠤ᠂ ᠤᠯᠠᠮᠵᠢᠯᠠᠯᠲᠤ | ᠬᠢᠲᠠᠳ ᠡᠮᠨᠡᠯᠭᠡ ᠪᠣᠯᠤᠨ ᠮᠣᠩᠭᠤᠯ ᠡᠮᠨᠡᠯᠭᠡ ᠶᠢᠨ ᠦᠢᠯᠡᠰ ᠡᠷᠡᠭᠦᠯ ᠢᠶᠠᠷ ᠬᠥᠭᠵᠢᠵᠦ᠂ ᠣᠯᠠᠨ ᠲᠦᠮᠡᠨ ᠤ | ᠡᠪᠡᠳᠴᠢᠨ ᠦᠵᠡᠭᠦᠯᠵᠦ ᠡᠮᠨᠡᠭᠦᠯᠬᠦ ᠣᠷᠴᠢᠨ ᠲᠣᠭᠤᠷᠢᠨ ᠪᠠ ᠨᠥᠬᠦᠴᠡᠯ ᠶᠡᠭᠡ ᠪᠠᠷ ᠰᠠᠶᠢᠵᠢᠷᠠᠵᠤ᠂ ᠡᠭᠦᠳᠡᠨ | ᠡᠮᠨᠡᠯᠭᠡ ᠶᠢᠨ ᠡᠮᠴᠢᠯᠡᠭᠡ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠪᠡ᠃ | —— ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠲᠥᠷᠭᠦ ᠲᠠᠢ ᠪᠤᠯᠪᠠ᠃ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ | ᠬᠤᠶᠠᠷ ᠢ ᠲᠣᠭᠲᠠᠭᠠᠬᠤ︾ ᠶᠢ ᠡᠷᠡᠰ ᠭᠥᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ | ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠭᠡᠭᠦ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠭᠦᠯᠪᠡ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠠᠷ ᠥᠷᠨᠢᠭᠦᠯᠥᠨ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ | ᠥᠷᠭᠦᠯᠵᠢᠯᠡᠨ ᠰᠠᠶᠢᠲᠤᠷ ᠠᠳᠬᠤᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠭᠦᠨᠵᠡᠭᠡᠶᠢᠷᠡᠨ | ᠠᠬᠢᠵᠤ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠬᠡᠶᠢᠯᠡᠵᠤ ᠠᠷᠢᠯᠭᠠᠨ᠂ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠪᠠ ᠳᠤᠮᠳᠠ ᠪᠠᠭ᠎ᠠ ᠠᠵᠤ ᠠᠬᠤᠶᠢᠯᠠᠯ ᠤᠨ ᠥᠷᠢ ᠰᠢᠷᠢ ᠶᠢ | ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠥᠨ᠂ ᠵᠠᠰᠠᠭ ᠤᠨ ᠣᠷᠳᠣᠨ ᠤ ᠥᠷᠢ ᠰᠢᠷᠢ ᠶᠢ | ᠰᠢᠢᠳᠪᠦᠷᠢᠯᠡᠬᠦ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠠᠶᠣᠯᠭᠦᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠵᠢᠯᠤᠭᠤᠳᠤᠯᠭ᠎ᠠ ᠪᠠ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ | ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ | ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠪᠠ ᠬᠢᠨᠠᠨ ᠪᠣᠳᠣᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠰᠢᠭᠦᠮᠵᠢᠯᠡᠯ ᠢ 60 ᠬᠤᠪᠢ᠂ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 69 ᠬᠤᠪᠢ ᠰᠢᠢᠳᠪᠦᠷᠢᠯᠡᠪᠡ᠃ ᠠᠷᠪᠢᠯᠠᠨ | ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ | ᠪᠣᠳᠠᠲᠠᠢ ᠬᠠᠮᠢᠶᠠᠷᠴᠤ᠂ ᠠᠷᠪᠢᠯᠠᠨ ᠭᠠᠮᠨᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠪᠠ᠃ | ᠡᠭᠦᠨ ᠤ ᠬᠠᠮᠲᠤ᠂ ᠥᠨᠳᠤᠰᠤᠳᠡᠨ ᠤ ᠪᠥᠯᠭᠦᠮᠳᠡᠯ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ ᠵᠢᠴᠢ ᠰᠣᠨᠢᠨ ᠮᠡᠳᠡᠭᠡ | ᠤᠬᠠᠭᠤᠯᠭ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠬᠠᠩᠭᠠᠨ ᠪᠣᠷᠣᠯᠠᠭᠤᠯᠭ᠎ᠠ᠂ ᠴᠠᠭ ᠠᠭᠤᠷ ᠵᠡᠷᠭᠡ ᠡᠯ᠎ᠡ | ᠠᠵᠢᠯ ᠲᠥᠷᠥᠯ ᠤᠨ ᠠᠵᠢᠯ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠶᠠᠪᠤᠭᠳᠠᠵᠤ᠂ ᠡᠪ ᠬᠠᠮᠲᠤ | ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠦᠢᠯᠡᠰ ᠪᠥᠬᠦ ᠲᠠᠯ᠎ᠠ ᠪᠠᠷ ᠬᠥᠭᠵᠢᠪᠡ᠃ | ᠲᠥᠯᠥᠭᠡᠯᠡᠭᠴᠢᠳ ᠡ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠤ᠂ ᠮᠦᠨᠴᠤ ᠪᠢᠳ᠋ᠨ ᠬᠦᠴᠢᠷ ᠪᠡᠷᠬᠡᠰᠢᠶᠡᠯ ᠢ ᠢᠯᠠᠨ | ᠲᠠᠪᠠᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠳᠠᠷᠤᠯᠲᠠ ᠶᠢ ᠨᠡᠮᠡᠭᠳᠡᠭᠦᠯᠦᠨ ᠡᠷᠡᠯᠬᠡᠭᠯᠡᠨ | ᠤᠷᠤᠭᠰᠢᠯᠠᠬᠤ ᠴᠢᠬᠤᠯᠠ ᠨᠢᠭᠡ ᠵᠢᠯ ᠪᠣᠯᠤᠨ᠎ᠠ᠃ ᠡᠨᠡ ᠨᠢᠭᠡ ᠵᠢᠯ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ | ᠲᠣᠭᠲᠠᠭᠤᠨ ᠢᠶᠠᠷ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠡᠷᠴᠢᠮᠲᠡᠢ ᠰᠠᠶᠢᠵᠢᠷᠠᠵᠤ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠲᠥᠷᠥᠯ ᠤᠨ ᠲᠤᠪᠤᠶᠢᠮ᠎ᠠ ᠠᠮᠵᠢᠯᠳᠠ ᠵᠠᠯᠭᠠᠭ᠎ᠠ ᠪᠠᠷ ᠢᠯᠡᠷᠡᠵᠦ᠂ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠬᠥᠮᠦᠰ ᠢ ᠪᠠᠶᠠᠷᠯᠠᠭᠤᠯᠤᠮ᠎ᠠ | ᠠᠮᠵᠢᠯᠲᠠ ᠣᠯᠵᠠᠢ᠃ ᠡᠳᠡᠭᠡᠷ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠪᠠ ᠬᠠᠶᠢᠷ᠎ᠠ ᠬᠠᠯᠠᠮᠵᠢ ᠳᠤ ᠪᠠᠶᠢᠵᠤ᠂ ᠬᠤᠰᠢᠭᠤ ᠨᠠᠮ ᠤᠨ ᠬᠤᠷᠢᠶ᠎ᠠ | ᠦᠨᠡᠨ ᠠᠴᠠ ᠵᠥᠪ ᠢ ᠡᠷᠢᠵᠦ ᠬᠥᠭᠵᠢᠯᠲᠡ ᠶᠢ ᠡᠷᠢᠯᠬᠢᠯᠡᠨ᠂ ᠬᠥᠭᠵᠢᠯᠲᠡ ᠶᠢ ᠠᠳᠬᠤᠵᠤ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠭᠰᠡᠨ ᠤ | ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ | ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠵᠢᠴᠢ ᠡᠯ᠎ᠡ ᠹᠷᠣᠨᠲ ᠳᠡᠭᠡᠷ᠎ᠡ | ᠠᠵᠢᠯᠯᠠᠵᠤ ᠪᠠᠶᠢᠭ᠎ᠠ ᠠᠵᠢᠯᠴᠢᠨ᠂ ᠮᠠᠯᠴᠢᠨ ᠲᠠᠷᠢᠶᠠᠴᠢᠨ᠂ ᠰᠡᠬᠡᠭᠡᠲᠡᠨ᠂ ᠰᠠᠭᠤᠭ᠎ᠠ ᠭᠠᠵᠠᠷ ᠤᠨ ᠴᠢᠯᠥᠭᠡᠯᠡᠬᠦ ᠴᠡᠷᠢᠭ᠂ | ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠵᠢᠴᠢ ᠮᠠᠨ ᠤ ᠬᠤᠰᠢᠭᠤᠨ ᠤ ᠥᠭᠡᠷᠡᠴᠢᠯᠡᠯᠲᠡ ᠬᠥᠭᠵᠢᠯᠲᠡ᠂ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠪᠦᠬᠦ ᠬᠦᠴᠦᠨ ᠢᠶᠠᠷ ᠳᠠᠮᠵᠢᠵᠤ ᠪᠠᠢᠭ᠎ᠠ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠲᠡᠭᠡᠳᠤ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠮᠠᠨ ᠤ ᠬᠤᠰᠢᠭᠤᠨ ᠤ ᠬᠥᠭᠵᠢᠯᠲᠡ ᠳᠤ ᠮᠥᠨ ᠮᠠᠰᠢ | ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠮᠡᠳᠡᠷᠡᠭᠰᠡᠨ ᠪᠠᠶᠢᠨ᠎ᠠ᠃ ᠭᠤᠤᠯ ᠨᠢ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠠᠵᠤ ᠦᠢᠯᠡᠰ ᠤᠨ ᠰᠢᠰᠲ᠋ᠧᠮ ᠬᠠᠷᠠᠬᠠᠨ | ᠪᠦᠷᠢᠯᠳᠦᠭᠡᠳᠦᠶ ᠪᠠᠶᠢᠵᠤ᠂ ᠠᠵᠤ ᠦᠢᠯᠡᠰ ᠤᠨ ᠬᠥᠭᠵᠢᠯᠲᠡ ᠶᠢᠨ ᠲᠥᠪᠯᠡᠷᠡᠯ ᠤᠨ ᠦᠢᠯᠡᠳᠦᠯ ᠬᠠᠷᠠᠬᠠᠨ ᠢᠯᠡᠷᠡᠭᠡᠳᠦᠶ | ᠪᠠᠶᠢᠨ᠎ᠠ︔ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠵᠠᠮ ᠢᠪᠴᠤᠤ ᠪᠠᠶᠢᠵᠤ᠂ ᠠᠷᠭ᠎ᠠ ᠬᠡᠮᠵᠢᠶ᠎ᠡ ᠨᠢ ᠪᠠᠰᠠ ᠪᠣᠳᠠᠲᠠᠶ ᠥᠭᠡᠢ᠂ ᠡᠯᠪᠡᠭ ᠪᠠᠶᠠᠯᠢᠭ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠴᠡᠪᠡᠷ ᠡᠨᠧᠷᠭᠢ ᠶᠢᠨ ᠳᠠᠪᠠᠭᠤᠯᠢᠭ ᠢ ᠪᠠᠰᠠ | ᠭᠦᠢᠴᠡᠳ ᠪᠠᠳᠠᠷᠠᠭᠤᠯᠤᠭᠰᠠᠨ ᠥᠭᠡᠢ ᠪᠠᠶᠢᠨ᠎ᠠ︔ ᠮᠠᠨ ᠤ ᠬᠤᠰᠢᠭᠤᠨ ᠤ ᠬᠥᠭᠵᠢᠯᠲᠡ ᠪᠠᠨ ᠲᠦᠷᠭᠡᠳᠬᠡᠬᠦ ᠶᠢ | ᠬᠢᠵᠠᠭᠠᠷᠯᠠᠵᠤ ᠪᠠᠶᠢᠭ᠎ᠠ ᠡᠯᠧᠮᠧᠨ᠋ᠲ ᠤᠨ ᠪᠠᠲᠤᠯᠠᠭ᠎ᠠ ᠲᠤᠳᠠᠮᠠᠭ ᠪᠠᠶᠢᠵᠤ᠂ ᠤᠰᠤ ᠵᠠᠮ ᠵᠡᠷᠭᠡ ᠠᠰᠠᠭᠤᠳᠠᠯ ᠮᠥᠨ ᠬᠦ | ᠲᠤᠪᠤᠶᠢᠮ᠎ᠠ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠨᠢ ᠤᠯᠠᠨ ᠲᠥᠮᠡᠨ ᠤ | ᠭᠥᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠᠴᠤ ᠵᠥᠷᠢᠶ᠎ᠡ ᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ | ᠬᠥᠭᠵᠢᠯᠲᠡ ᠶᠢᠨ ᠠᠷᠭ᠎ᠠ ᠪᠠᠷ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠶᠢ | ᠪᠠᠷᠢᠮᠲᠠᠯᠠᠵᠤ᠂ ᠴᠠᠭ ᠪᠢᠳᠡᠨ ᠢ ᠬᠦᠯᠢᠶᠡᠬᠦ ᠦᠭᠡᠢ ᠪᠠᠴᠢᠮ ᠲᠤᠯᠭᠠᠮ᠎ᠠ ᠰᠡᠳᠬᠢᠯᠭᠡ ᠪᠠᠷ ᠨᠠᠷᠢᠨ ᠬᠢᠨᠠᠮᠠᠭᠠᠢ ᠰᠤᠳᠤᠯᠤᠨ | ᠰᠢᠢᠳᠪᠦᠷᠢᠯᠡᠨ᠎ᠡ᠃ | 2025 ᠣᠨ ᠤ ᠠᠵᠢᠯ ᠤᠨ ᠲᠣᠬᠢᠷᠠᠭᠤᠯᠤᠯᠲᠠ | ᠲᠥᠯᠥᠭᠡᠯᠡᠭᠴᠢᠳ ᠡ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠠᠶᠢᠵᠤ᠂ ᠨᠠᠩ ᠴᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ | ᠳᠠᠪᠬᠤᠴᠠᠨ ᠢᠯᠡᠷᠡᠵᠦ᠂ ᠠᠰᠢᠭᠲᠠᠶ ᠬᠦᠴᠦᠨ ᠵᠦᠢᠯ ᠲᠠᠰᠤᠷᠠᠯᠲᠠ ᠥᠬᠡᠶ ᠬᠤᠷᠠᠮᠳᠤᠬᠤ ᠡᠬᠢᠯᠡᠯᠲᠡ ᠶᠢᠨ ᠵᠢᠯ | ᠪᠤᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠨᠢ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠵᠡᠷᠭᠡ ᠠᠯᠢ ᠤᠯᠠᠨ ᠢᠳᠡᠪᠬᠢᠲᠡᠢ ᠳᠤᠬᠢᠶ᠎ᠠ ᠶᠢ | ᠵᠠᠯᠭᠠᠭ᠎ᠠ ᠪᠠᠷ ᠲᠠᠯᠪᠢᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ ᠰᠢᠨ᠎ᠡ ᠶᠢ | ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠤᠯᠤᠰ ᠤᠨ | ᠡᠨᠧᠷᠭᠢ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠠᠯᠢ ᠣᠯᠠᠨ ︽ | ᠤᠯᠤᠰ ᠤᠨ ᠶᠡᠭᠡ ᠶᠠᠪᠤᠳᠠᠯ︾ ᠨᠢ ᠴᠠᠭ ᠦᠶ᠎ᠡ ᠶᠢᠨ ᠠᠵᠠ ᠲᠣᠬᠢᠶᠠᠯ ᠪᠠᠶᠢᠵᠤ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ᠂ ᠦᠷᠭᠦᠯᠵᠢᠯᠡᠨ ᠰᠢᠨ᠎ᠡ ᠵᠠᠮ ᠢ ᠨᠡᠭᠡᠭᠡᠵᠤ ᠳᠤᠮᠳᠠ ᠤᠷᠤᠰᠬᠠᠯ ᠳᠤ ᠣᠷᠣᠬᠤ ᠪᠣᠯ ᠴᠢᠬᠤᠯᠠ ᠶᠡᠭᠡ | ᠰᠡᠳᠦᠪ ᠮᠥᠷᠳᠡᠭᠡᠨ ᠨᠠᠩ ᠴᠤ ᠬᠥᠭᠵᠢᠯᠲᠡ ᠶᠢᠨ ᠶᠡᠭᠡ ᠬᠠᠨᠳᠤᠰᠢ ᠪᠠᠶᠢᠵᠤ᠂ ᠠᠯᠠᠱᠠ ᠠᠶᠢᠮᠠᠭ ᠥᠷᠭᠦᠯᠵᠢᠯᠡᠨ ︽ | ᠲᠠᠪᠤᠨ ᠶᠡᠭᠡ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠵᠤ᠂ ︽ᠲᠤᠯᠤᠭᠠᠨ ᠶᠡᠭᠡ ᠢᠨᠵᠧᠨᠧᠷᠢᠩ︾ ᠢ | ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠢ ᠪᠥᠭᠡᠳ ᠨᠠᠩ ᠥᠷᠭᠡᠨ ᠠᠭᠤᠳᠠᠮ ᠢᠷᠡᠭᠡᠳᠦᠶ ᠲᠠᠢ ᠪᠠᠶᠢᠵᠤ᠂ ᠮᠠᠨ ᠤ | ᠬᠤᠰᠢᠭᠤ ᠳᠤ ᠠᠪᠴᠤ ᠬᠡᠯᠡᠪᠡᠯ ᠡᠳᠡᠭᠡᠷ ᠨᠢ ᠮᠠᠰᠢ ᠰᠠᠶᠢᠨ ᠭᠥᠭᠵᠢᠯᠳᠡ ᠶᠢᠨ ᠠᠵᠠ ᠲᠣᠬᠢᠶᠠᠯ ᠪᠤᠯᠬᠤ ᠶᠤᠮ᠃ | ᠠᠯᠠᠱᠠ ᠪᠠᠷᠠᠭᠤᠨ ᠬᠤᠰᠢᠭᠤ ᠭᠠᠵᠠᠷ ᠢᠶᠠᠷ ᠲᠥᠭᠦᠷᠡᠩ ᠡᠷᠳᠡᠨᠢ ᠠᠭᠤᠯᠤᠭᠳᠠᠵᠤ᠂ ᠥᠷᠭᠡᠨ ᠠᠭᠤᠳᠠᠮ ᠭᠠᠵᠠᠷ | ᠲᠡᠭᠡᠷᠡᠬᠢ ᠰᠠᠯᠬᠢ ᠭᠡᠷᠡᠯ ᠤᠨ ᠡᠬᠢ ᠪᠠᠶᠠᠯᠢᠭ᠂ ᠨᠡᠭᠦᠷᠡᠰᠦ᠂ ᠴᠠᠬᠢᠭᠤᠷ᠂ ᠬᠠᠶᠢᠯᠤᠭᠤᠷ ᠵᠣᠩᠰᠢ᠂ ᠤᠯᠠᠨ ᠲᠡᠮᠦᠷᠯᠢᠭ | ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠡᠯᠡᠰᠦᠨ ᠴᠤᠬᠢᠶ᠎ᠠ ᠨᠠᠭᠤᠷ ᠴᠥᠭᠦᠷᠥᠮ ᠤᠨ ᠥᠪᠡᠷᠮᠢᠴᠡ | ᠪᠠᠶᠢᠭᠠᠯᠢ ᠶᠢᠨ ᠥᠪ ᠵᠡᠷᠭᠡ ᠪᠣᠯ ᠴᠥᠮ ᠪᠢᠳᠡᠨ ᠤ ᠢᠷᠡᠭᠡᠳᠦᠢ ᠶᠢᠨ ᠬᠦᠴᠦᠷᠬᠡᠭ ᠶᠡᠭᠡ ᠢᠲᠡᠭᠡᠯ ᠵᠣᠷᠢᠭ ᠪᠠ ᠢᠳᠡᠬᠡᠯ | ᠤᠨ ᠢᠷᠡᠯᠳᠡ ᠪᠣᠯᠤᠨ᠎ᠠ᠃ ᠣᠳᠣᠬᠠᠨ ᠳᠤ ᠂ ᠮᠠᠨ ᠤ ᠬᠤᠰᠢᠭᠤᠨ ᠤ ᠲᠡᠮᠡᠭᠡᠨ ᠤ ᠠᠵᠤ ᠦᠢᠯᠡᠰ ᠠᠯᠬᠤᠮ | ᠠᠯᠬᠤᠮ ᠢᠶᠠᠷ ᠪᠤᠵᠠᠭᠠᠶᠢᠷᠠᠨ ᠭᠥᠴᠥᠷᠭᠡᠭᠵᠢᠵᠤ᠂ ᠪᠠᠶᠢᠭᠠᠯᠢ ᠶᠢᠨ ᠬᠤᠵᠢᠷ ᠤᠨ ᠠᠵᠤ ᠦᠢᠯᠡᠰ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠭᠠᠷᠤᠭ᠎ᠠ ᠪᠣᠯᠵᠤ᠂ ᠪᠠᠶᠢᠭᠠᠯᠢ ᠶᠢᠨ ᠥᠪ ᠰᠣᠶᠣᠯ | ᠵᠢᠭᠤᠯᠴᠢᠯᠠᠯ ᠤᠨ ᠥᠢᠯᠡᠰ ᠲᠠᠢ ᠠᠭᠤᠰᠤᠯᠴᠠᠭᠰᠠᠨ ᠠᠵᠤ ᠦᠢᠯᠡᠰ ᠰᠢᠨ᠎ᠡ ᠠᠵᠠ ᠲᠣᠬᠢᠶᠠᠯ ᠢ ᠤᠭᠲᠤᠨ | ᠠᠪᠴᠢᠷᠠᠵᠤ᠂ ᠠᠵᠤ ᠦᠢᠯᠡᠰ ᠤᠨ ᠳᠠᠪᠠᠭᠤᠯᠢᠭ ᠨᠢᠭᠡᠨᠲᠡ ᠦᠨᠡᠨ ᠪᠣᠳᠠᠲᠠᠶ ᠪᠣᠯᠵᠣ᠂ ᠴᠢᠨᠠᠷ ᠰᠠᠶᠢᠲᠠᠶ ᠬᠥᠭᠵᠢᠯᠲᠡ | ᠨᠤᠮᠤᠨ ᠲᠡᠭᠡᠷᠡᠬᠢ ᠰᠤᠮᠤ ᠪᠠᠶᠢᠨ᠎ᠠ᠂ ᠪᠢᠳᠠ ᠭᠠᠭᠴᠠ ᠬᠦ ᠪᠡᠶ᠎ᠡ ᠪᠠᠷ ᠢᠶᠠᠨ ᠰᠢᠷᠭᠠᠭᠤ ᠠᠵᠢᠯᠯᠠᠪᠠᠯ ᠰᠠᠶ᠋ᠢ | ᠳᠠᠪᠠᠭᠤᠯᠢᠭ ᠢᠶᠠᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠢᠷᠮᠠᠶᠢᠨ ᠲᠡᠮᠡᠴᠡᠪᠡᠯ ᠰᠠᠶ᠋ᠢ ᠵᠢᠷᠤᠭ | ᠲᠥᠯᠥᠪᠯᠡᠭᠡ ᠶᠢ ᠪᠤᠳᠠᠳᠤ ᠠᠬᠤᠢ ᠪᠤᠯᠭᠠᠵᠤ ᠴᠢᠳᠠᠨ᠎ᠠ᠃ ᠪᠢᠳᠡ ᠴᠢᠭᠯᠡᠯ ᠢᠶᠠᠨ ᠣᠨᠣᠪᠴᠢᠲᠠᠶ ᠲᠠᠨᠢᠵᠤ᠂ ᠯᠠᠪᠳᠠᠭᠤᠨ | ᠪᠠᠲᠤᠲᠠᠶ ᠠᠵᠢᠯᠯᠠᠳᠠᠭ ᠯᠠ ᠶᠤᠮ ᠪᠣᠯ ᠠᠭᠤᠯᠠ ᠳᠠᠭᠠᠷᠠᠪᠠᠯ ᠵᠠᠮ ᠨᠡᠭᠡᠭᠡᠵᠤ᠂ ᠤᠰᠤ ᠲᠠᠭᠠᠷᠠᠪᠠᠯ ᠬᠥᠭᠦᠷᠭᠡ ᠲᠠᠯᠪᠢᠬᠤ | ᠰᠢᠪᠲᠤᠯᠤᠯᠲᠠ ᠶᠢᠨ ᠡᠷᠴᠢ ᠵᠣᠷᠢᠭ ᠢᠶᠠᠷ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠰᠢᠨ᠎ᠡ ᠱᠠᠲᠤ ᠦᠶ᠎ᠡ ᠳᠤ ᠰᠢᠨ᠎ᠡ ᠲᠥᠷᠢ ᠪᠠᠶᠢᠳᠠᠯ ᠢᠶᠠᠷ ᠰᠢᠨ᠎ᠡ ᠬᠠᠭᠤᠳᠠᠰᠤ ᠶᠢ ᠵᠢᠷᠤᠭᠯᠠᠵᠤ᠂ ᠰᠢᠨ᠎ᠡ | ᠠᠮᠵᠢᠯᠲᠠ ᠪᠦᠲᠦᠮᠵᠢ ᠭᠠᠷᠭᠠᠵᠤ ᠴᠢᠳᠠᠬᠤ ᠶᠤᠮ︕ | ᠡᠨᠡ ᠬᠦ ᠪᠠᠶᠢᠳᠠᠯ ᠳᠤ ᠰᠠᠭᠤᠷᠢᠯᠠᠪᠠᠯ᠂ 2025 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ | ᠲᠣᠭᠤᠰᠢᠯᠠᠭᠤᠯᠵᠤ᠂ ᠨᠢᠭᠡ ᠭᠤᠣᠯ ᠱᠤᠭᠤᠮ ᠤᠨ ᠲᠤᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ | ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠰ ᠢ | ᠬᠥᠭᠵᠢᠭᠦᠯᠵᠦ᠂ ᠠᠮᠤᠷ ᠲᠦᠪᠰᠢᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠡᠯ᠎ᠡ ᠲᠥᠷᠥᠯ ᠤᠨ ᠬᠠᠷᠠᠯᠲᠠ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠪᠠᠳᠤᠯᠠᠨ᠎ᠠ᠃ | ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠭᠭᠡᠶᠢᠯᠡᠪᠡᠯ᠂ 2025 ᠣᠨ ᠤ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 6.5 % ᠪᠠᠷ ᠨᠡᠮᠡᠭᠳᠡᠭᠦᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | ᠲᠡᠭᠡᠷ᠎ᠡ ᠵᠢᠯ ᠤᠨ ᠬᠢ ᠲᠠᠢ ᠠᠳᠠᠯᠢᠬᠠᠨ ᠪᠠᠶᠢᠯᠭᠠᠵᠤ᠂ 500 ᠲᠥᠮᠡᠨ ᠲᠥᠭᠦᠷᠢᠭ ᠠᠴᠠ ᠲᠡᠭᠡᠭᠰᠢᠬᠢ ᠲᠤᠭᠳᠠᠮᠠᠯ | ᠬᠥᠷᠥᠩᠭᠡ ᠶᠢᠨ ᠪᠡᠯᠡ ᠤᠷᠤᠭᠤᠯᠤᠯᠳᠠ ᠶᠢ 10 % ᠪᠠᠷ ᠨᠡᠮᠡᠭᠳᠡᠭᠦᠯᠵᠤ᠂ ᠬᠤᠲᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠪᠥᠬᠦ ᠠᠶᠢᠮᠠᠭ ᠲᠠᠢ ᠠᠳᠠᠯᠢᠬᠠᠨ ᠪᠠᠶᠢᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠄ | ᠨᠢᠭᠡ᠂ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ | ᠠᠵᠤ ᠠᠬᠤᠶ ᠶᠢᠨ ᠬᠥᠭᠵᠢᠯᠲᠡ ᠶᠢᠨ ᠴᠢᠨᠠᠷ ᠰᠠᠶᠢᠲᠠᠶ ᠪᠠᠶᠢᠬᠤ ᠶᠢ ᠪᠡᠶᠡᠯᠡᠭᠦᠯᠦᠨ᠎ᠡ | ︵ᠨᠢᠭᠡ︶ ᠠᠵᠤ ᠦᠢᠯᠡᠳᠪᠦᠷᠢ ᠶᠢᠨ ᠠᠵᠤ ᠠᠬᠤᠶ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ | ᠢᠯᠠᠯᠲᠠ ᠶᠢᠨ ᠡᠷᠴᠢᠨ ᠳᠡᠭᠡᠷ᠎ᠡ ᠪᠠᠨ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠤ ᠡᠳ᠋ᠰᠢᠭᠦᠯᠦᠨ ᠪᠣᠷᠣᠯᠠᠭᠤᠯᠬᠤ | ᠰᠠᠭᠤᠷᠢᠨ ᠭᠠᠵᠠᠷ ᠢ ᠬᠦᠴᠦᠷᠬᠡᠭᠵᠢᠭᠦᠯᠦᠨ᠎ᠡ᠃ ᠪᠥᠬᠦ ᠬᠦᠴᠦᠨ ᠵᠦᠢᠯ ᠤᠨ ᠦᠢᠯᠡᠴᠢᠯᠡᠭᠡᠨ ᠢᠶᠠᠷ ᠪᠥᠸᠧ ᠶᠤᠸᠠᠨ | ᠪᠠᠶᠢᠭᠠᠯᠢ ᠶᠢᠨ ᠬᠤᠵᠢᠷ ᠤᠨ ᠬᠤᠶᠠᠳᠤᠭᠠᠷ ᠥᠢᠯᠡᠳᠪᠤᠷᠢᠯᠡᠯ ᠤᠨ ᠱᠤᠭᠤᠮ ᠤᠨ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠵᠢᠯ ᠤᠨ ᠪᠠᠯᠠ ᠣᠷᠣᠭᠤᠯᠤᠯᠲᠠ ᠶᠢ 41 ᠳ᠋ᠦᠩᠰᠢᠭᠤᠷ | ᠲᠥᠭᠦᠷᠢᠭ ᠠᠴᠠ ᠳᠡᠭᠡᠭᠰᠢ ᠭᠥᠷᠭᠡᠭᠦ ᠪᠠᠷ ᠴᠢᠷᠮᠠᠶᠢᠵᠤ᠂ ᠵᠢᠯ ᠳᠤ 860 ᠲᠦᠮᠡᠨ ᠲᠣᠨ ᠴᠡᠪᠡᠷ ᠬᠤᠵᠢᠷ ᠪᠣᠯᠣᠨ | ᠪᠠᠭ᠎ᠠ ᠰᠤᠳᠠ ᠦᠢᠯᠡᠳᠪᠦᠷᠢᠯᠡᠭᠦ ᠡᠭᠦᠷᠭᠡ ᠪᠠᠨ ᠤᠷᠢᠳᠴᠢᠯᠠᠨ 2 ᠵᠢᠯ ᠪᠡᠶᠡᠯᠡᠭᠦᠯᠦᠨ᠎ᠡ᠃ ᠲᠠᠩᠰᠤᠭᠪᠤᠯᠠᠭ ᠠᠵᠤ | ᠦᠢᠯᠡᠳᠪᠦᠷᠢ ᠶᠢᠨ ᠬᠦᠷᠢᠶᠡᠯᠡᠩ ᠤᠨ ᠭᠤᠶᠤᠴᠢᠯᠠᠨ ᠮᠡᠳᠡᠭᠦᠯᠭᠦ ᠠᠵᠢᠯ ᠢᠶᠠᠨ ᠪᠥᠭᠦ ᠬᠥᠴᠤ ᠪᠠᠷ ᠢᠶᠠᠨ ᠲᠥᠯᠬᠢᠨ | ᠠᠬᠢᠭᠤᠯᠵᠤ᠂ ᠠᠷᠪᠠᠨ ᠤᠰᠤᠳᠤ ᠨᠡᠭᠦᠷᠡᠰᠤᠨ ᠭᠥᠴᠢᠯ ᠤᠨ ᠨᠠᠲᠷᠢ ᠤᠨ ᠱᠦᠯᠲᠦᠯᠢᠭ ᠰᠢᠩᠭᠡᠨ ᠢ ᠡᠷᠭᠢᠯᠳᠦᠭᠦᠯᠦᠨ | ᠠᠰᠢᠭᠯᠠᠬᠤ᠂ ᠬᠠᠲᠠᠭᠤ ᠪᠡᠶᠡᠲᠦ ᠴᠠᠬᠢᠭᠤᠷ ᠬᠦᠴᠢᠯ ᠤᠨ ᠨᠠᠲᠷᠢ ᠵᠡᠷᠭᠡ ᠬᠠᠮᠢᠶ᠎ᠠ ᠪᠦᠬᠦᠢ ᠲᠥᠷᠥᠯ ᠵᠥᠢᠯ ᠤᠨ | ᠡᠮᠦᠨᠡᠬᠢ ᠬᠤᠭᠤᠴᠠᠭᠠᠨ ᠤ ᠠᠵᠢᠯ ᠢ ᠲᠥᠷᠭᠡᠳᠬᠡᠨ᠂ ᠪᠤᠬᠢᠷᠳᠠᠯ ᠥᠭᠡᠢ ᠴᠠᠬᠢᠯᠭᠠᠨ ᠢᠶᠠᠷ ᠤᠰᠤᠳᠥ᠋ᠷᠥᠭᠴᠢ ᠰᠢᠪᠲᠦᠷ | ᠠᠯᠺᠣᠣᠯ ᠥᠢᠯᠡᠳᠪᠤᠷᠢᠯᠡᠭᠦ ᠵᠡᠷᠭᠡ ᠵᠠᠯᠭᠠᠮᠵᠢ ᠲᠥᠷᠥᠯ ᠵᠦᠢᠯ ᠢ ᠢᠳᠡᠪᠬᠢᠲᠡᠶ ᠰᠥᠪᠡᠭᠴᠢᠯᠡᠵᠤ᠂ ᠡᠷᠭᠢᠨ | ᠲᠣᠭᠤᠷᠢᠨ ᠤ ᠴᠠᠬᠢᠭᠤᠷ ᠴᠢᠯᠠᠭᠤ᠂ ᠬᠠᠶᠢᠯᠤᠭᠤᠷ ᠵᠣᠩᠰᠢ ᠵᠡᠷᠭᠡ ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠶᠢ ᠡᠮᠬᠢᠯᠡᠨ ᠨᠡᠶᠢᠯᠡᠭᠦᠯᠵᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠶᠡᠬᠡᠪᠡᠷ | ᠦᠷᠨᠢᠭᠦᠯᠵᠦ᠂ ᠲᠥᠩ ᠸᠧᠢ ᠪᠥᠯᠥᠭᠯᠡᠯ᠂ ᠮᠠᠨ ᠱᠢ ᠪᠥᠯᠥᠭᠯᠡᠯ ᠵᠡᠷᠭᠡ ᠠᠵᠤ ᠠᠬᠤᠶᠢᠯᠠᠯ ᠳᠤᠥᠢᠯᠡᠴᠢᠯᠡᠨ᠂ ᠠᠵᠤ | ᠦᠢᠯᠡᠳᠪᠦᠷᠢ ᠶᠢᠨ ᠴᠠᠬᠢᠭᠤᠷ᠂ ᠲᠠᠯᠠᠰᠲᠤ ᠴᠠᠬᠢᠭᠤᠷ ᠤᠨ ᠲᠥᠷᠥᠯ᠂ ᠴᠠᠭᠢᠭᠤᠷᠳᠤ ᠰᠢᠨ᠎ᠡ ᠮᠠᠲ᠋ᠧᠷᠢᠶᠠᠯ ᠵᠢᠴᠢ | ᠬᠤᠯᠪᠤᠭᠳᠠᠬᠤ ᠵᠠᠯᠭᠠᠮᠵᠢ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠰᠡᠳᠤᠵᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠬᠦᠴᠦᠯᠡᠨ | ᠠᠬᠢᠭᠤᠯᠤᠨ᠂ ᠠᠵᠤ ᠦᠢᠯᠡᠰ ᠤᠨ ᠲᠥᠷᠥᠯ ᠵᠦᠢᠯ ᠤᠨ ᠬᠠᠷᠢᠯᠴᠠᠨ ᠬᠤᠯᠪᠣᠯᠳᠤᠭᠰᠠᠨ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠴᠣᠭᠴᠠᠯᠠᠨ ᠪᠠᠶᠢᠭᠤᠯᠵᠤ᠂ ᠠᠯᠠᠱᠠ ᠶᠢᠨ | ᠪᠥᠬᠦ ᠤᠯᠤᠰ ᠤᠨ ᠴᠢᠬᠤᠯᠠ ᠣᠲᠣ ᠦᠶ᠎ᠡ ᠶᠢᠨ ᠬᠤᠵᠢᠷᠯᠢᠭ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ | ᠭᠠᠵᠠᠷ ᠢ ᠪᠠᠶᠢᠭᠤᠯᠬᠤ ᠳᠤ ᠭᠤᠤᠯ ᠬᠦᠴᠦᠨ ᠤ ᠦᠢᠯᠡᠳᠦᠯ ᠦᠵᠡᠭᠦᠯᠦᠨ᠎ᠡ᠃ ᠶᠠᠪᠠᠷᠠᠢ ᠶᠢᠨ ᠠᠵᠤ ᠦᠢᠯᠡᠳᠪᠦᠷᠢ | ᠶᠢᠨ ᠲᠥᠪᠯᠡᠷᠡᠭᠰᠡᠨ ᠣᠷᠣᠨ ᠤ ᠭᠠᠯ ᠤᠨᠲᠠᠷᠠᠭᠠᠬᠤ ᠥᠷᠲᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠳᠡᠰ | ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ ᠠᠮᠦᠷ ᠲᠦᠪᠰᠢᠨ ᠤ ᠪᠠᠳᠤᠯᠠᠭ᠎ᠠ ᠶᠢᠨ ᠴᠢᠳᠠᠪᠦᠷᠢ ᠶᠢ ᠯᠠᠪᠳᠠᠭᠤᠨ | ᠢᠶᠠᠷ ᠲᠡᠭᠡᠭᠰᠢᠯᠡᠭᠦᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠦ ᠶᠢᠨ ᠪᠣᠳᠣᠯᠭ᠎ᠠ ᠬᠡᠷᠡᠭᠵᠢᠭᠦᠯᠬᠦ︾ | ᠦᠢᠯᠡᠴᠢᠯᠡᠭᠡ ᠪᠠᠷ ᠡᠯ᠎ᠡ ᠠᠵᠤ ᠠᠬᠤᠶᠢᠯᠠᠯ ᠤᠨ ᠲᠣᠭᠲᠠᠭᠤᠨ ᠡᠷᠭᠢᠯᠲᠡ ᠶᠢ ᠪᠠᠲᠤᠯᠠᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 100 ᠳ᠋ᠥᠩᠰᠢᠭᠤᠷ ᠲᠥᠭᠦᠷᠢᠭ ᠲᠤ | ᠭᠥᠷᠭᠡᠨ᠎ᠡ᠃ ᠨᠡᠭᠦᠷᠡᠰᠦᠨ ᠤ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠲᠠᠢ ᠰᠢᠩ ᠨᠡᠭᠦᠷᠡᠰᠦᠨ ᠠᠭᠤᠷᠬᠠᠢ ᠶᠢᠨ ᠵᠢᠯ ᠳᠤ 90 | ᠲᠦᠮᠡᠨ ᠲᠣᠨ ᠨᠡᠭᠦᠷᠡᠰᠤ ᠤᠶᠢᠯᠡᠳᠪᠤᠷᠢᠯᠡᠭᠦ ᠨᠢᠭᠡᠳᠭᠡᠨ ᠦᠭᠡᠷᠡᠴᠢᠯᠡᠬᠦ ᠠᠵᠢᠯ ᠂ ᠢᠦᠢ ᠰᠢᠨ ᠺᠤᠮᠫᠠᠨᠢ ᠶᠢᠨ ᠵᠢᠯ ᠳᠤ | 20 ᠲᠦᠮᠡᠨ ᠲᠣᠨ ᠥᠭᠡᠬᠦᠨ ᠴᠢᠯᠠᠭᠤᠨ ᠤ ᠰᠠᠶᠢᠷᠭᠠᠯ ᠥᠢᠯᠡᠳᠭᠦ᠂ ᠪᠠᠭ᠎ᠠ ᠮᠥᠩᠭᠦᠳᠤ ᠶᠢᠨ ᠭᠤᠤᠯ ᠤᠨ ᠵᠢᠯ ᠳᠤ | 50 ᠲᠦᠮᠡᠨ ᠲᠣᠨ ᠥᠭᠡᠬᠦᠨ ᠴᠢᠯᠠᠭᠤ ᠥᠢᠯᠡᠳᠭᠦ ᠠᠭᠤᠷᠬᠠᠢ ᠶᠢ ᠥᠷᠭᠡᠳᠬᠡᠨ ᠪᠠᠶᠢᠭᠤᠯᠬᠤ ᠵᠡᠷᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦ᠂ ᠴᠠᠬᠢᠭᠤᠷ ᠴᠢᠯᠠᠭᠤ᠂ ᠠᠯᠳᠠ ᠵᠡᠰ᠂ ᠲᠡᠮᠦᠷ | ᠴᠠᠶᠢᠷ᠂ ᠪᠠᠯ ᠴᠢᠯᠠᠭᠤ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠬᠦ ᠵᠢᠴᠢ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠶᠢ | ᠠᠬᠢᠭᠤᠯᠤᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ᠂ ᠠᠵᠤ ᠦᠢᠯᠡᠰ ᠤᠨ | ᠳᠠᠪᠠᠭᠤᠯᠢᠭ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ᠰᠢᠨ᠎ᠡ ᠡᠨᠧᠷᠭᠢ ᠶᠢᠨ ᠠᠵᠤ ᠦᠢᠯᠡᠰ ᠢ ᠰᠠᠶᠢᠲᠤᠷ ᠠᠳᠬᠤᠬᠤ ᠶᠢ ᠪᠠᠲᠤ ᠢᠲᠡᠭᠡᠵᠦ᠂ ᠬᠦᠴᠢᠷ | ᠢ ᠰᠢᠢᠳᠪᠤᠷᠢᠯᠡᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠮᠧᠩ ᠨᠧᠩ | ᠺᠤᠮᠫᠠᠨᠢ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠵᠢᠩ ᠰᠢᠨ ᠤᠨ ᠲᠠᠩᠰᠤᠭᠪᠤᠯᠠᠭ | ᠰᠤᠮᠤᠨ ᠳᠠᠬᠢ 40 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠪᠥᠬᠦ | ᠲᠤᠭ᠎ᠠ ᠪᠠᠷ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠵᠤ᠂ ᠵᠢᠯ ᠤᠨ ᠳᠣᠲᠣᠷ᠎ᠠ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠬᠤᠶᠠᠷ ᠳᠠᠬᠢᠨ ᠠᠴᠠ ᠳᠡᠭᠡᠭᠰᠢ ᠨᠡᠮᠡᠭᠳᠡᠭᠦᠯᠬᠦ ᠶᠢ | ᠪᠡᠶᠡᠯᠡᠭᠦᠯᠦᠨ᠎ᠡ᠃ ᠮᠠᠨ ᠤ ᠬᠤᠰᠢᠭᠤᠨ ᠤ ᠰᠢᠨ᠎ᠡ ᠡᠨᠧᠷᠭᠢ ᠶᠢᠨ ︽ᠨᠢᠭᠡ ᠵᠢᠷᠤᠭ︾ ᠤᠨ ᠲᠥᠯᠥᠪᠵᠢᠭᠦᠯᠭᠡ | ᠶᠣᠰᠣᠭᠠᠷ᠂ ᠮᠧᠩ ᠨᠧᠩ ᠺᠤᠮᠫᠠᠨᠢ ᠶᠢᠨ 2025 ᠣᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ᠂ ︽ᠮᠢᠩᠭᠠᠨ ᠰᠢᠶᠠᠩ ᠲᠦᠮᠡᠨ ᠲᠣᠰᠬᠤᠨ ᠤ ᠢᠦᠶ ᠹᠧᠩ ᠠᠵᠢᠯᠯᠠᠭ᠎ᠠ︾ ᠶᠢᠨ | ᠲᠤᠷᠰᠢᠯᠲᠠ ᠶᠢᠨ ᠲᠥᠷᠥᠯ ᠵᠦᠢᠯ᠂ ᠬᠤᠸᠠ ᠳ᠋ᠢᠶᠠᠨ ᠺᠤᠮᠫᠠᠨᠢ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ᠂ ᠰᠢᠨ ᠶᠤᠸᠠᠨ ᠵᠢᠩ | ᠪᠦᠯᠦᠭᠯᠡᠯ ᠤᠨ 50 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ᠂ ᠠᠯᠠᠱᠠ ᠶᠢᠨ | ᠭᠡᠷᠡᠯ ᠴᠡᠨᠡᠭ ᠤᠨ ᠴᠠᠬᠢᠯᠭᠠᠨ ᠢ ᠴᠤᠭᠯᠠᠭᠤᠯᠬᠤ 500 ᠺᠢᠯᠣᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ | ᠢᠨᠵᠧᠨᠧᠷᠢᠩ ᠪᠣᠯᠤᠨ ᠠᠯᠠᠱᠠ ᠶᠢᠨ ᠰᠠᠯᠬᠢᠨ ᠬᠦᠴᠦᠨ ᠤ ᠴᠠᠬᠢᠯᠭᠠᠨ ᠢ ᠴᠤᠭᠯᠠᠭᠤᠯᠬᠤ 500 ᠺᠢᠯᠣᠸᠠᠲ ᠤᠨ | ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ ᠲᠥᠯᠬᠢᠨ ᠠᠬᠢᠭᠤᠯᠤᠨ᠎ᠠ᠃ ᠡᠨᠧᠷᠬᠢ ᠶᠡᠭᠡ ᠵᠠᠷᠤᠴᠠᠭᠤᠯᠬᠤ | ᠠᠵᠤ ᠠᠬᠤᠶᠢᠯᠠᠯ ᠪᠠ ᠲᠥᠷᠥᠯ ᠵᠦᠢᠯ ᠤᠨ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ ᠶᠢ ᠡᠮᠬᠢ ᠵᠢᠷᠤᠮ ᠲᠠᠢ | ᠠᠬᠢᠭᠤᠯᠵᠤ᠂ ᠪᠥᠸᠧ ᠶᠤᠸᠠᠨ ᠶᠢᠨ ᠭᠧᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠰᠢᠨ᠎ᠡ | ᠡᠨᠧᠷᠭᠢ ᠢ ᠪᠥᠬᠦ ᠲᠤᠭ᠎ᠠ ᠪᠠᠷ ᠥᠪᠡᠷᠲᠡᠭᠡᠨ ᠤᠶᠢᠯᠡᠳᠴᠤ ᠥᠪᠡᠷᠳᠡᠭᠡᠨ ᠬᠡᠷᠡᠭᠯᠡᠭᠦ ᠶᠢ ᠳᠡᠮᠵᠢᠵᠦ᠂ ︽ᠡᠨᠧᠷᠭᠢ ᠶᠢᠨ | ᠬᠤᠷᠣᠭᠳᠠᠯ ᠤᠨ ᠬᠤᠤᠰ ᠡᠵᠡᠮᠳᠡᠯ︾ ᠢ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠤᠰ ᠡᠵᠡᠮᠳᠡᠯ︾ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ᠯᠦᠩ ᠵᠢᠶ ᠪᠣᠬᠢᠷᠲᠤᠯ ᠥᠬᠡᠶ ᠡᠨᠧᠷᠭᠢ ᠶᠢᠨ ᠺᠤᠮᠫᠠᠨᠢ ᠶᠢᠨ ᠪᠤᠬᠢᠷᠳᠠᠯ ᠥᠭᠡᠢ | ᠴᠠᠬᠢᠯᠭᠠᠨ ᠤ ᠮᠧᠲ᠋ᠢᠯ ᠠᠯᠺᠣᠣᠯ᠂ ᠤᠯᠤᠰ ᠤᠨ ᠡᠨᠧᠷᠭᠢ ᠶᠢᠨ ᠪᠦᠯᠦᠭᠯᠡᠯ ᠤᠨ ᠬᠡᠷᠡᠯ ᠢᠯᠴᠢ ᠬᠢᠭᠡᠳ ᠰᠠᠯᠬᠢᠨ | ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠶ ᠥᠷᠨᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠨᠳᠦᠰᠦᠯᠡᠨ | ᠡᠷᠲᠡᠬᠡᠨ ᠬᠦᠷᠭᠡᠬᠦ ᠵᠠᠮ ᠪᠠ ᠪᠠᠶᠢᠭᠠᠯᠢᠭ ᠴᠠᠬᠢᠯᠭᠠᠨ ᠢ ᠰᠢᠩᠭᠡᠭᠡᠬᠦ ᠬᠤᠶᠠᠷ ᠵᠠᠩᠭᠢᠯᠠᠭ᠎ᠠ ᠶᠢ ᠴᠢᠷᠮᠠᠶᠢᠨ ᠰᠢᠢᠳᠪᠤᠷᠢᠯᠡᠨ᠂ | ︽ᠨᠡᠭᠦᠷᠡᠰᠦᠲᠥ᠋ᠷᠥᠭᠴᠢ ᠥᠬᠡᠶ ᠵᠢᠵᠢᠭ ᠪᠠᠯᠭᠠᠰᠤ︾᠂ ᠲᠡᠷᠢᠭᠦᠨ ᠤ ᠬᠡᠷᠡᠯ ᠴᠡᠨᠡᠭ ᠤᠨ ᠲᠤᠷᠰᠢᠯᠲᠠ ᠶᠢᠨ ᠰᠠᠭᠤᠷᠢᠨ | ᠭᠠᠵᠠᠷ᠂ ᠤᠶᠤᠨᠴᠢ ᠪᠤᠳᠤᠬᠤ ᠬᠦᠴᠦᠨ ᠤ ᠲᠥᠪ ᠵᠡᠷᠭᠡ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ | ᠪᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠯᠥᠪᠵᠢᠭᠦᠯᠭᠡ ᠶᠢ ᠤᠷᠢᠳᠴᠢᠯᠠᠨ ᠲᠥᠯᠥᠪᠯᠡᠵᠦ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠴᠦᠯᠡᠨ ᠪᠠᠶᠢᠭᠤᠯᠤᠨ᠂ ᠰᠢᠨ᠎ᠡ ᠡᠨᠧᠷᠭᠢ ᠶᠢᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠬᠤᠰᠢᠭᠤᠨ ᠤ ᠬᠡᠪᠴᠢᠶᠡᠨ ᠤ ᠠᠵᠤ ᠠᠬᠤᠶ ᠶᠢᠨ ᠰᠢᠨ᠎ᠡ ᠬᠠᠭᠤᠴᠢᠨ | ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠨ᠎ᠡ᠃ | ︵ᠭᠤᠷᠪᠠ︶ ᠲᠡᠮᠡᠭᠡᠨ ᠤ ᠠᠵᠤ ᠦᠢᠯᠡᠰ ᠢ ᠬᠦᠴᠦᠲᠡᠶ ᠰᠠᠶᠢᠲᠤᠷ ᠠᠳᠬᠤᠵᠤ᠂ ᠪᠥᠬᠦ ᠤᠯᠤᠰ ᠤᠨ | ᠲᠡᠮᠡᠭᠡᠨ ᠤ ᠠᠵᠤ ᠦᠢᠯᠡᠰ ᠤᠨ ᠴᠢᠬᠤᠯᠠ ᠥᠯᠢᠭᠡᠷ ᠳᠠᠭᠤᠷᠢᠶᠠᠯ ᠤᠨ ᠭᠠᠵᠠᠷ ᠣᠷᠣᠨ ᠢ ᠴᠢᠷᠮᠠᠶᠢᠨ ᠴᠣᠭᠴᠠᠯᠠᠨ᠎ᠠ᠃ | ︽ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠬᠡ︾ ᠶᠢ | ᠱᠠᠯᠠᠪᠳᠠᠨ ᠨᠠᠶᠢᠷᠠᠭᠤᠯᠵᠤ᠂ ᠪᠥᠬᠦ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠰᠢᠨᠵᠢᠯᠡᠬᠦ ᠤᠬᠠᠭᠠᠨᠴᠢ᠂ | ᠵᠢᠷᠤᠮᠵᠢᠭᠤᠨ᠂ ᠦᠷᠭᠦᠯᠵᠢᠯᠡᠬᠦ ᠬᠥᠭᠵᠢᠯᠲᠡ ᠳᠤ ᠶᠡᠷᠦᠩᠬᠡᠶ ᠬᠥᠲᠥᠯᠪᠦᠷᠢ ᠶᠢ ᠲᠣᠭᠲᠠᠭᠠᠨ᠎ᠠ᠃ ᠠᠯᠠᠱᠠ ᠶᠢᠨ ᠣᠳᠣ | ᠦᠶ᠎ᠡ ᠶᠢᠨ ᠲᠡᠮᠡᠭᠡᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ | ᠦᠢᠯᠡᠴᠢᠯᠡᠭᠡᠨ ᠤ ᠲᠥᠪ ᠵᠢᠴᠢ ᠪᠠᠶᠢᠴᠠᠭᠠᠨ ᠰᠢᠯᠭᠠᠬᠤ ᠲᠥᠪ᠂ ᠣᠶᠤᠨᠴᠢ ᠲᠥᠪ ᠵᠡᠷᠭᠡ ᠢᠵᠢ ᠪᠦᠷᠢᠳᠦᠭᠰᠡᠨ | ᠰᠠᠭᠤᠷᠢ ᠪᠡᠯᠡᠳᠬᠡᠮᠵᠢ ᠶᠢ ᠠᠰᠢᠭᠯᠠᠯᠲᠠ ᠳᠤ ᠣᠷᠣᠭᠤᠯᠤᠨ᠎ᠠ᠃ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠢᠩᠭᠢᠨ ᠰᠦ᠂ ᠮᠢᠬ᠎ᠠ ᠥᠭᠡᠭᠦ᠂ ᠨᠤᠤᠰᠤ ᠨᠤᠯᠤᠤᠷ | ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠬᠦᠷᠢᠶᠡᠯᠡᠩ ᠲᠣᠭᠤᠷᠢᠭ ᠲᠤ ᠰᠠᠭᠤᠷᠢᠰᠢᠭᠤᠯᠬᠤ ᠪᠠᠷ ᠴᠢᠷᠮᠠᠶᠢᠨ᠎ᠠ᠃ ᠰᠦ | ᠰᠠᠭᠠᠯᠢ ᠶᠢᠨ ᠢᠷᠡᠯᠲᠡ ᠶᠢᠨ ᠰᠠᠭᠤᠷᠢ ᠶᠢ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠦ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠵᠤ ᠥᠢᠯᠡᠰ ᠢᠶᠠᠷ ᠪᠠᠯᠭᠠᠰᠤ ᠶᠢ ᠭᠥᠴᠥᠷᠭᠡᠭᠵᠢᠭᠦᠯᠭᠦ | ᠵᠡᠷᠭᠡ ᠲᠥᠷᠥ ᠶᠢᠨ ᠪᠣᠳᠣᠯᠭ᠎ᠠ ᠶᠢᠨ ᠲᠥᠷᠥᠯ ᠵᠥᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ 80 ᠰᠠᠭᠤᠷᠢ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠲᠠᠰ ᠳᠡᠪᠰᠢᠭᠦᠯᠵᠦ᠂ | ᠲᠡᠮᠡᠭᠡᠨ ᠰᠦ ᠶᠢᠨ ᠭᠠᠷᠤᠯᠲᠠ ᠶᠢ 1 ᠲᠦᠮᠡᠨ ᠲᠣᠨ ᠳᠤ ᠭᠥᠷᠭᠡᠨ᠎ᠡ᠃ ᠡᠪᠡᠰᠦ ᠲᠠᠷᠢᠬᠤ ᠠᠴᠠ ᠰᠦ | ᠥᠢᠯᠡᠳᠪᠤᠷᠢᠯᠡᠬᠦ ᠪᠥᠬᠦ ᠶᠠᠪᠤᠴᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠪᠥᠬᠦ ᠬᠡᠯᠬᠢᠶ᠎ᠡ ᠶᠢᠨ | ᠵᠢᠷᠤᠮᠵᠢᠭᠰᠠᠨ ᠦᠢᠯᠡᠳᠪᠦᠷᠢᠯᠡᠯ ᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠰᠦ ᠶᠢᠨ ᠢᠷᠡᠯᠲᠡ ᠶᠢᠨ ᠠᠮᠤᠷ | ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠳᠤᠮᠳᠠᠳᠤ ᠤᠯᠤᠰ ᠤᠨ ᠢᠩᠬᠢᠨ ᠰᠦ ᠶᠢᠨ ᠨᠤᠲᠤᠭ︾ | ᠪᠠ ︽ᠥᠪᠥᠷ ᠮᠣᠩᠭᠤᠯ︾ ᠭᠡᠬᠦ ᠨᠡᠷᠡᠳᠤ ᠲᠡᠮᠳᠡᠭ ᠢᠶᠠᠨ ᠰᠠᠶᠢᠲᠤᠷ ᠬᠡᠷᠡᠭᠯᠡᠵᠦ᠂ ᠢᠩᠭᠢᠨ ᠰᠥ ᠶᠢᠨ ᠤᠭᠤᠷᠠᠭ᠂ | ᠢᠩᠭᠢᠨ ᠰᠦ ᠶᠢᠨ ᠫᠧᠫᠲ᠋ᠢᠳ᠋ ᠵᠡᠷᠭᠡ ᠲᠡᠮᠡᠭᠡᠨ ᠰᠦ ᠶᠢᠨ ᠳᠡᠭᠡᠳᠦ ᠲᠠᠰ ᠤᠨ ᠦᠢᠯᠡᠳᠬᠦᠨ ᠢ ᠵᠠᠬ᠎ᠠ ᠳᠡᠯᠭᠡᠭᠦᠷ ᠲᠤ | ᠭᠠᠷᠭᠠᠬᠤ ᠶᠢ ᠵᠣᠷᠢᠭᠵᠢᠭᠤᠯᠵᠤ᠂ ᠢ ᠯᠢ ᠪᠥᠯᠥᠭᠯᠡᠯ ᠲᠠᠢ ᠬᠠᠮᠲᠤᠷᠠᠨ ᠥᠢᠯᠡᠳᠪᠥᠷᠢᠯᠡᠭᠰᠡᠨ ᠢᠩᠭᠢᠨ ᠰᠦᠨ ᠤ ᠰᠢᠨ᠎ᠡ | ᠦᠢᠯᠡᠳᠭᠦᠨ ᠤ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ ᠦᠪᠦᠷ ᠮᠣᠩᠭᠤᠯ ᠤᠨ ᠳᠤᠮᠳᠠᠳᠤ | ᠺᠠᠽᠠᠭᠰᠲ᠋ᠠᠨ ᠤ ᠲᠡᠮᠡᠭᠡᠨ ᠤ ᠰᠤᠳᠤᠯᠭᠠᠨ ᠤ ᠬᠦᠷᠢᠶᠡᠯᠡᠩ ᠪᠣᠯᠤᠨ ᠭᠤᠸᠠᠩᠵᠧᠦ ᠶᠢᠨ ᠤᠯᠤᠰ ᠤᠨ ᠭᠤᠤᠯᠳᠠᠯᠭᠠᠳᠤ | ᠲᠤᠷᠰᠢᠯᠲᠠ ᠶᠢᠨ ᠲᠠᠰᠤᠭ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠲᠡᠮᠡᠭᠡᠨ ᠤ ᠭᠧᠨ ᠤ ᠪᠦᠯᠦᠭ ᠢ ᠭᠦᠨᠵᠡᠭᠡᠶᠢᠷᠡᠭᠦᠯᠬᠦ᠂ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠵᠡᠷᠭᠡ ᠭᠤᠤᠯᠳᠠᠯᠭ᠎ᠠ ᠲᠠᠢ ᠬᠦᠷᠢᠶᠡᠨ ᠤ ᠰᠤᠳᠤᠯᠭᠠᠨ ᠤ ᠬᠠᠮᠲᠤᠷᠠᠯᠴᠠᠭ᠎ᠠ ᠶᠢ ᠲᠡᠳᠭᠦᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠤᠯᠠᠮ ᠨᠢᠭᠡ ᠠᠯᠬᠤᠮ ᠲᠦᠷᠭᠡᠳᠬᠡᠨ | ᠂ ᠭᠤᠶᠤᠴᠢᠯᠠᠨ ᠮᠡᠳᠡᠭᠦᠯᠬᠦ ᠪᠦᠯᠬᠦᠮ ᠨᠡᠶᠢᠳᠡ ᠪᠠ ᠣᠷᠣᠨ ᠨᠤᠲᠤᠭ ᠤᠨ ᠪᠠᠷᠢᠮᠵᠢᠶ᠎ᠠ ᠲᠤᠭᠳᠠᠭᠠᠬᠤ ᠶᠢ ᠬᠥᠲᠥᠯᠥᠨ | ᠵᠢᠯᠣᠭᠤᠳᠬᠤ ᠪᠠ ᠠᠬᠢᠭᠤᠯᠵᠤ᠂ ᠤᠷᠤᠨ ᠨᠤᠳᠤᠭ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ | ᠲᠡᠮᠳᠡᠭᠲᠦ ᠶᠢ ᠪᠦᠲᠦᠭᠡᠬᠦ ᠪᠠ ᠪᠣᠷᠣᠯᠠᠭᠤᠯᠬᠤ ᠠᠷᠭ᠎ᠠ ᠵᠠᠮ ᠢ ᠥᠷᠭᠡᠳᠭᠡᠭᠦ ᠬᠤᠶᠠᠷ ᠵᠠᠩᠭᠢᠯᠠᠭ᠎ᠠ ᠶᠢᠨ ᠴᠡᠭ ᠢ | ᠠᠳᠬᠤᠵᠤ᠂ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ᠂ ᠦᠢᠯᠡᠳᠪᠦᠷᠢᠯᠡᠬᠦ ᠴᠢᠳᠠᠪᠤᠷᠢ ᠶᠢᠨ ᠳᠠᠪᠠᠭᠤᠯᠢᠭ | ᠂ ᠰᠤᠳᠤᠯᠤᠨ ᠨᠡᠭᠡᠭᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠡᠮᠡᠭᠡᠨ ᠤ ᠠᠵᠤ ᠦᠢᠯᠡᠰ ᠤᠨ ᠶᠡᠷᠦᠩᠬᠡᠢ | ᠦᠢᠯᠡᠳᠬᠦᠨ ᠤ ᠥᠷᠲᠡᠭ ᠢ 21.7 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠵᠤ᠂ ᠨᠡᠮᠡᠭᠳᠡᠯ ᠤᠨ | ᠬᠡᠮᠵᠢᠶ᠎ᠡ ᠶᠢ 10 % ᠠᠴᠠ ᠳᠡᠭᠡᠭᠰᠢ ᠳᠤ ᠭᠥᠷᠬᠡᠵᠤ᠂ ᠪᠥᠬᠦ ᠤᠯᠤᠰ ᠤᠨ ᠬᠠᠮᠤᠭ ᠶᠡᠭᠡ ᠲᠡᠮᠡᠭᠡᠨ ᠤ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | ︵ᠳᠥᠷᠪᠡ︶ ᠰᠣᠶᠣᠯ ᠵᠢᠭᠤᠯᠴᠢᠯᠠᠯ ᠤᠨ ᠠᠵᠤ ᠦᠢᠯᠡᠰ ᠢ ᠴᠥᠬᠦᠷᠡᠰᠢ ᠥᠬᠡᠶ ᠰᠠᠶᠢᠲᠤᠷ ᠠᠳᠬᠤᠵᠤ᠂ | ᠥᠪᠡᠷᠮᠢᠴᠡ ᠣᠨᠴᠠᠯᠢᠭ ᠲᠠᠢ ᠡᠯᠡᠰᠦᠨ ᠴᠥᠯ ᠤᠨ ᠨᠠᠷᠠᠲᠤ ᠵᠢᠭᠤᠯᠴᠢᠯᠠᠯ ᠤᠨ ᠭᠠᠵᠠᠷ ᠢ ᠡᠭᠦᠳᠦᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠦᠨ᠎ᠡ᠃ ᠪᠤᠳᠠᠰ ᠤᠨ ᠪᠤᠰᠤ ᠰᠣᠶᠣᠯ ᠤᠨ ᠥᠪ ᠢ ᠭᠤᠶᠤᠴᠢᠯᠠᠨ ᠤᠯᠤᠭᠰᠠᠨ ᠠᠵᠠ | ᠲᠣᠬᠢᠶᠠᠯ ᠢ ᠠᠳᠬᠤᠵᠤ᠂ ᠨᠢᠭᠡ ᠪᠦᠯᠦᠭ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠱᠠᠯᠠᠪᠳᠠᠨ | ᠲᠥᠯᠥᠪᠵᠢᠭᠦᠯᠵᠦ᠂ ︽ᠪᠠᠳᠠᠢ ᠶᠢᠨ ᠵᠢᠷᠠᠨ ᠡᠯᠡᠰᠤ — ᠡᠯᠡᠰᠤᠨ ᠴᠤᠬᠢᠶ᠎ᠠ ᠨᠠᠭᠤᠷ ᠪᠦᠷᠢᠳᠤ ᠶᠢᠨ ᠰᠦᠷᠦᠭᠵᠢᠯ︾ | ᠤᠨ ᠠᠮᠢ ᠠᠬᠤᠢ ᠶᠢᠨ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠲᠡᠮᠡᠴᠡᠨ | ᠣᠯᠵᠤ᠂ ᠪᠠᠳᠠᠢ ᠶᠢᠨ ᠵᠢᠷᠠᠨ ᠤ ᠡᠯᠡᠰᠤᠨ ᠴᠥᠯ ᠤᠨ ᠤᠯᠤᠰ ᠤᠨ 5A ᠲᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠶᠢ ᠥᠷᠭᠦᠯᠵᠢᠯᠡᠨ ᠠᠬᠢᠭᠤᠯᠵᠤ᠂ ᠳᠡᠯᠡᠬᠡᠢ ᠶᠢᠨ ᠲᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠤᠯᠭᠠᠨ ᠡᠭᠦᠳᠤᠨ ᠪᠠᠶᠢᠭᠤᠯᠤᠨ᠎ᠠ᠃ ᠤᠷᠤᠨ ᠪᠥᠰᠡ ᠶᠢᠨ ᠬᠠᠮᠲᠤᠷᠠᠯᠴᠠᠭ᠎ᠠ ᠪᠠᠨ | ᠭᠥᠨᠵᠡᠬᠡᠶᠢᠷᠡᠭᠦᠯᠥᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠠᠭᠠᠷ ᠠᠶᠠᠯᠠᠯ ᠢᠶᠠᠷ ᠲᠣᠭᠤᠷᠢᠨ | ᠦᠵᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠠᠷᠢᠶᠠᠨ ᠤ ᠲᠠᠪᠴᠠᠩ ᠵᠡᠷᠭᠡ ᠡᠯᠡᠰᠦᠨ ᠴᠥᠯ ᠤᠨ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠭᠦᠨᠵᠡᠭᠡᠶ ᠨᠡᠭᠡᠭᠡᠨ ᠬᠥᠭᠵᠢᠭᠦᠯᠵᠦ᠂ ᠵᠠᠩ ᠶᠧ ᠬᠤᠳᠠ᠂ | ᠡᠤ ᠸᠧᠶ ᠬᠤᠳᠠ᠂ ᠶᠢᠨ ᠴᠠᠩ ᠬᠤᠳᠠ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ | ᠵᠢᠭᠤᠯᠴᠢᠯᠠᠭᠰᠠᠳ ᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠦᠵᠡᠮᠵᠢ ᠶᠢᠨ ᠣᠷᠣᠨ ᠤ ᠡᠵᠡᠩᠨᠡᠯᠲᠡ | ᠬᠠᠮᠢᠶᠠᠷᠤᠯᠲᠠ ᠶᠢᠨ ᠬᠢᠷᠢ ᠲᠦᠪᠰᠢᠨ ᠢ ᠣᠯᠠᠨ ᠲᠠᠯ᠎ᠠ ᠪᠠᠷ ᠳᠡᠭᠡᠭᠰᠢᠯᠡᠭᠦᠯᠦᠨ᠎ᠡ᠃ ᠡᠯᠡᠰᠦᠨ ᠴᠥᠯ ᠤᠨ ᠬᠡᠭᠡᠷᠡᠯᠡᠬᠦ | ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠪᠠᠳᠠᠶ ᠶᠢᠨ ᠵᠢᠷᠠᠨ ᠡᠯᠡᠰᠦᠨ ᠴᠥᠯ ᠤᠨ ᠰᠣᠶᠣᠯ ᠵᠢᠭᠤᠯᠴᠢᠯᠠᠯ ᠤᠨ | ᠨᠠᠶᠢᠷ᠂ ᠭᠡᠭᠡᠷᠡᠯᠡᠨ ᠠᠶᠠᠯᠠᠬᠤ e ᠠᠩᠭᠢ ᠶᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ︽ᠪᠠᠳᠠᠶ ᠶᠢᠨ100 | ︾ ᠰᠢᠷᠢᠰ ᠤᠷᠤᠯᠳᠤᠭᠠᠨ ᠢ ᠥᠷᠭᠦᠯᠵᠢᠯᠡᠨ ᠥᠷᠨᠢᠭᠦᠯᠥᠨ᠎ᠡ᠃ ︽ᠲᠡᠷᠭᠡ ᠣᠷᠣᠯᠳᠣᠬᠤ ᠰᠠᠭᠤᠷᠢᠨ ᠭᠠᠵᠠᠷ︾ ᠤᠨ | ᠠᠵᠤ ᠦᠢᠯᠡᠰ ᠤᠨ ᠵᠠᠭᠪᠤᠷ ᠢ ᠦᠷᠭᠦᠯᠵᠢᠯᠡᠨ ᠪᠠᠶᠠᠯᠢᠭᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠪᠡᠶᠡᠴᠢᠯᠡᠨ | ᠣᠶᠢᠯᠠᠭᠠᠬᠤ ᠲᠥᠪ᠂ ᠥᠭᠡᠷᠡᠴᠢᠯᠡᠨ ᠤᠭᠰᠠᠷᠠᠵᠤ ᠰᠢᠯᠭᠠᠬᠤ ᠲᠥᠪ ᠢ ᠲᠥᠯᠥᠪᠯᠡᠨ ᠪᠠᠶᠢᠭᠤᠯᠵᠤ᠂ ᠨᠠᠶᠢᠳᠠᠨ | ᠬᠠᠮᠢᠶᠠᠷᠴᠤ ᠲᠦᠷᠢᠶᠡᠰᠦᠯᠡᠭᠦᠯᠬᠦ ᠠᠷᠠᠯᠵᠢᠶ᠎ᠠ᠂ ᠣᠨᠴᠠ ᠲᠥᠷᠥᠯ ᠤᠨ ᠵᠢᠯᠣᠭᠤᠳᠬᠤ ᠪᠣᠯᠪᠠᠰᠤᠷᠠᠭᠤᠯᠤᠯ ᠵᠡᠷᠭᠡ | ᠬᠤᠯᠪᠣᠭᠳᠠᠯ ᠪᠥᠬᠦᠶ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠮᠠᠰᠢᠨ ᠲᠡᠷᠭᠡᠨ ᠤ ᠬᠤᠳᠠᠯᠳᠤᠭᠠᠴᠢᠨ᠂ | ᠲᠡᠷᠭᠡᠨ ᠠᠩᠭᠢ᠂ ᠲᠡᠷᠭᠡᠨ ᠨᠠᠶᠢᠵᠠ ᠶᠢᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠲᠠᠯᠠᠪᠠᠶ᠂ ᠨᠠᠷᠠᠲᠤ ᠺᠠᠷᠲ | ᠲᠠᠯᠪᠢᠬᠤ ᠭᠠᠵᠠᠷ᠂ ᠲᠦᠢᠯ ᠤᠨ ᠥᠷᠢᠰᠦᠯᠳᠦᠬᠦ ᠭᠠᠵᠠᠷ ᠢ ᠪᠣᠶ ᠪᠣᠯᠭᠠᠨ᠎ᠠ᠃ ᠵᠠᠬ᠎ᠠ ᠲᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠬᠠᠨᠳᠤᠭᠤᠯᠤᠨ ᠠᠭᠠᠷ ᠢᠶᠠᠷ ᠵᠤᠭᠠᠴᠠᠬᠤ᠂ ᠡᠭᠴᠡ ᠨᠢᠰᠬᠡᠯ ᠢᠶᠠᠷ ᠠᠪᠤᠷᠠᠬᠤ᠂ ᠳᠣᠣᠷ᠎ᠠ ᠠᠭᠠᠷ ᠤᠨ | ᠲᠡᠭᠡᠭᠡᠪᠦᠷᠢ ᠵᠡᠷᠭᠡ ᠠᠭᠠᠷ ᠤᠨ ᠠᠶᠠᠯᠠᠯ ᠤᠨ ᠲᠥᠷᠥᠯ ᠵᠦᠢᠯ ᠤᠨ ᠰᠢᠰᠲ᠋ᠧᠮ ᠢ ᠥᠷᠭᠡᠳᠬᠡᠨ᠎ᠡ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ︽ | ᠰᠣᠶᠣᠯ + ᠵᠢᠭᠤᠯᠴᠢᠯᠠᠯ︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠦᠬᠦ ᠬᠦᠴᠦᠨ ᠢᠶᠠᠷ ᠢᠶᠠᠨ ᠰᠢᠨ᠎ᠡ ᠶᠢ | ᠡᠭᠦᠳᠴᠦ᠂ ᠰᠦᠯᠵᠢᠶᠡᠨ ᠣᠳᠣᠳ ᠤᠨ ᠠᠵᠤ ᠠᠬᠤᠶ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢ | ᠴᠡᠴᠡᠭᠯᠡᠨ ᠭᠥᠭᠵᠢᠭᠦᠯᠥᠨ᠂ ᠪᠦᠬᠦ ᠵᠢᠯ ᠳᠤ ᠵᠤᠭᠠᠴᠠᠭᠰᠠᠳ ᠢ 350 ᠲᠦᠮᠡᠨ ᠬᠥᠮᠦᠨ ᠤᠳᠠᠭ᠎ᠠ ᠬᠦᠯᠢᠶᠡᠨ ᠠᠪᠴᠤ | ᠂ ᠵᠢᠭᠤᠯᠴᠢᠯᠠᠭᠴᠢᠳ ᠤᠨ ᠶᠡᠷᠦᠩᠬᠡᠶ ᠵᠠᠷᠤᠳᠠᠯ ᠢ 26 ᠳ᠋ᠦᠩᠰᠢᠭᠤᠷ ᠲᠥᠭᠦᠷᠢᠭ ᠪᠡᠶᠡᠯᠡᠭᠦᠯᠭᠦ ᠪᠠᠷ ᠴᠢᠷᠮᠠᠶᠢᠵᠤ᠂ | ᠳᠡᠯᠡᠬᠡᠶ ᠳᠤ ᠠᠯᠳᠠᠷᠰᠢᠭᠰᠠᠨ ᠡᠯᠡᠰᠦᠨ ᠴᠦᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠠ ᠵᠢᠭᠤᠯᠴᠢᠯᠠᠯ ᠤᠨ | ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ | ᠬᠤᠶᠠᠷ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠥᠭᠡᠷᠡᠴᠢᠯᠡᠯᠲᠡ | ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠨ᠎ᠡ | ᠠᠵᠢᠯ ᠡᠬᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠳᠬᠤᠨ᠂ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ | ᠠᠬᠢᠭᠤᠯᠤᠨ ᠪᠤᠳᠠᠳᠠᠶᠢᠵᠢᠭᠤᠯᠤᠨ᠂ ᠲᠠᠩᠰᠠ ᠪᠠᠷ ᠬᠠᠮᠢᠶᠠᠷᠴᠤ᠂ ᠨᠠᠷᠢᠯᠢᠭᠵᠢᠭᠤᠯᠤᠨ ᠲᠤᠬᠢᠷᠠᠭᠤᠯᠵᠤ᠂ ᠡᠭᠦᠷᠭᠡ | ᠬᠠᠷᠢᠭᠤᠴᠠᠯᠭ᠎ᠠ ᠶᠢ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠬᠤ ᠶᠢ ᠪᠠᠷᠢᠮᠲᠠᠯᠠᠵᠤ᠂ 63 ᠵᠦᠢᠯ ᠤᠨ ᠣᠨ ᠤ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠥᠢᠯᠡᠴᠢᠯᠡᠨ | ᠪᠠᠲᠤᠯᠠᠵᠤ᠂ ᠪᠥᠬᠦ ᠵᠢᠯ ᠳᠤ 73.1 ᠳ᠋ᠦᠩᠰᠢᠭᠤᠷ ᠲᠥᠭᠦᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠢ ᠣᠨᠣᠪᠴᠢᠲᠠᠶ ᠪᠥᠭᠡᠳ ᠪᠦᠲᠦᠮᠵᠢᠲᠡᠶ | ᠰᠥᠪᠡᠭᠴᠢᠯᠡᠨ᠂ ᠠᠬᠢᠴᠠ ᠶᠢ ᠠᠩᠬᠠᠷᠴᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠠᠵᠤ | ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠠᠭᠤᠷᠢ ᠪᠥᠲᠥᠭᠡᠨ ᠪᠠᠶᠢᠭᠤᠯᠤᠯᠲᠠ ᠶᠢᠨ | ᠪᠠᠴᠢᠮ ᠬᠡᠷᠡᠭᠴᠡᠭᠡ ᠳᠤ ᠬᠠᠨᠳᠤᠭᠤᠯᠤᠨ᠂ ᠶᠡᠭᠡ ᠬᠦᠴᠦ ᠣᠷᠣᠭᠤᠯᠤᠨ ᠠᠵᠤ ᠦᠢᠯᠡᠳᠪᠦᠷᠢ ᠶᠢᠨ ᠰᠢᠨ᠎ᠡ ᠡᠨᠧᠷᠭᠢ᠂ | ᠡᠬᠢ ᠪᠠᠶᠠᠯᠢᠭ ᠤᠨ ᠬᠠᠶᠢᠨ ᠰᠢᠨᠵᠢᠯᠡᠯᠲᠡ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠨᠡᠶᠢᠭᠡᠮ ᠤᠨ ᠦᠢᠯᠡᠰ ᠵᠡᠷᠭᠡ | ᠡᠯ᠎ᠡ ᠬᠦᠷᠢᠶᠡᠨ ᠤ ᠴᠢᠬᠤᠯᠠ ᠶᠡᠭᠡ ᠡᠮᠦᠨᠡᠬᠢ ᠬᠤᠭᠤᠴᠠᠭᠠᠨ ᠤ ᠲᠥᠷᠥᠯ ᠵᠦᠢᠯ ᠢ ᠨᠥᠭᠡᠴᠡᠯᠡᠵᠦ᠂ ᠲᠥᠯᠥᠪᠵᠢᠭᠦᠯᠭᠡ | ᠪᠠ ᠭᠠᠷᠳᠠᠮ ᠢ ᠲᠡᠷᠢᠭᠦᠨ ᠳᠤ ᠲᠠᠯᠪᠢᠨ᠂ ᠨᠢᠭᠡ ᠪᠦᠯᠦᠭ ᠢ ᠰᠦᠪᠡᠭᠴᠢᠯᠡᠵᠦ᠂ ᠨᠢᠭᠡ ᠪᠦᠯᠦᠭ ᠢ ᠪᠠᠶᠢᠭᠤᠯᠵᠤ᠂ ᠨᠢᠭᠡ | ᠪᠦᠯᠦᠭ ᠢ ᠪᠦᠷᠢᠯᠳᠦᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢᠨ ᠳᠠᠯᠳᠠ ᠭᠥᠴᠤ ᠬᠥᠳᠡᠯᠭᠡᠬᠦ | ᠬᠦᠴᠦᠨ ᠢ ᠲᠠᠰᠤᠷᠠᠯᠲᠠ ᠥᠬᠡᠶ ᠬᠤᠷᠠᠮᠳᠤᠭᠤᠯᠤᠨ᠎ᠠ᠃ ᠦᠷ᠎ᠡ ᠪᠦᠲᠦᠮᠵᠢ ᠶᠢ ᠲᠡᠭᠡᠭᠰᠢᠯᠡᠭᠦᠯᠥᠨ ᠲᠡᠷᠢᠭᠦᠨ ᠢ | ᠴᠢᠷᠮᠠᠶᠢᠵᠤ ᠥᠭᠡᠷᠡᠴᠢᠯᠡᠯᠲᠡ ᠶᠢ ᠠᠬᠢᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠵᠤ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠢᠲᠠᠢ ᠪᠡᠶᠡᠯᠡᠭᠦᠯᠦᠨ᠎ᠡ᠃ | ᠠᠵᠤ ᠠᠬᠤᠶ ᠶᠢᠨ ᠠᠮᠢ ᠠᠬᠤᠶ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ | ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠭᠤᠤᠯᠳᠠᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ | ᠡᠯ᠎ᠡ ᠲᠥᠷᠥᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭ ᠤᠨᠤᠪᠴᠢᠳᠠᠢ ᠪᠠᠷ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠳᠥᠯᠭᠢᠨ | ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ | ᠬᠠᠮᠤᠷᠬᠤ ᠬᠡᠪᠴᠢᠶ᠎ᠡ ᠶᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠢᠴᠡᠳᠬᠡᠬᠦ ᠴᠠᠭ ᠤᠨ | ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ᠂ ︽ᠳᠡᠯᠭᠡᠭᠦᠷ ᠤᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠪᠠᠷ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢᠨ ︽ᠡᠴᠦᠰ ᠤᠨ ᠨᠢᠭᠡ ᠺᠢᠯᠤᠮᠧᠲᠷ︾ ᠢ ᠪᠡᠶᠡᠯᠡᠭᠦᠯᠥᠨ᠎ᠡ᠃ | ᠬᠤᠳᠠᠯᠳᠤᠭᠠᠴᠢᠨ ᠤᠷᠢᠬᠤ ᠶᠢ ᠰᠠᠨᠠᠭᠠᠴᠢᠯᠠᠭ᠎ᠠ ᠠᠴᠠ ᠪᠠᠨ ᠠᠳᠬᠤᠨ᠂ ᠬᠠᠮᠲᠤᠷᠠᠯᠴᠠᠭ᠎ᠠ ᠶᠢ ᠠᠬᠢᠭᠤᠯᠵᠤ᠂ | ᠪᠠᠶᠢᠭᠠᠯᠢ ᠶᠢᠨ ᠬᠤᠵᠢᠷ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠮᠡᠭᠡᠨ ᠤ ᠠᠵᠤ ᠦᠢᠯᠡᠰ᠂ ᠵᠢᠭᠤᠯᠴᠢᠯᠠᠯ ᠤᠨ | ᠦᠢᠯᠡᠰ ᠵᠡᠷᠭᠡ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ᠂ ᠪᠣᠬᠢᠷᠲᠤᠯ ᠦᠭᠡᠢ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ᠂ ᠪᠥᠬᠦ ᠠᠵᠤ ᠦᠢᠯᠡᠰ ᠤᠨ ᠬᠡᠯᠬᠢᠶ᠎ᠡ ᠪᠠᠷ | ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠪᠥᠬᠦ ᠠᠵᠢᠯᠲᠠᠨ᠂ ᠪᠥᠬᠦ ᠣᠷᠣᠨ ᠪᠦᠰᠡ᠂ ᠪᠥᠬᠦ ᠬᠦᠴᠦᠨ | ᠵᠦᠢᠯ ᠤᠨ ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠣᠶ ᠪᠣᠯᠭᠠᠵᠤ᠂ ᠯᠦᠩ ᠵᠢᠢ ᠪᠥᠯᠥᠭᠯᠡᠯ᠂ ᠲᠦᠩ ᠸᠧᠶ | ᠪᠥᠯᠥᠭᠯᠡᠯ ᠵᠡᠷᠭᠡ ᠴᠢᠨᠠᠷ ᠰᠠᠶᠢᠲᠠᠶ ᠠᠵᠤ ᠠᠬᠤᠶᠢᠯᠠᠯ ᠵᠢᠴᠢ ᠬᠡᠯᠬᠢᠶ᠎ᠡ ᠶᠢᠨ ᠲᠥᠷᠥᠯ ᠵᠦᠢᠯ ᠢ ᠮᠠᠨ ᠤ ᠬᠤᠰᠢᠭᠤᠨ ᠳᠤ | ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ᠂ ᠲᠥᠷᠥᠯ ᠵᠦᠢᠯ ᠢ | ᠨᠠᠶᠢᠳᠠᠪᠤᠷᠢᠵᠢᠭᠤᠯᠬᠤ ᠨᠣᠷᠮ᠎ᠠ ᠶᠢᠨ ︽ᠬᠤᠣᠰ ᠨᠡᠮᠡᠭᠳᠡᠯ︾ ᠢ ᠪᠡᠶᠡᠯᠡᠭᠦᠯᠬᠦ ᠪᠠᠷ ᠴᠢᠷᠮᠠᠶᠢᠵᠤ᠂ ᠪᠥᠬᠦ ᠠᠵᠤ | ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠲᠦᠷᠭᠡᠳᠬᠡᠨ ᠪᠠᠶᠢᠭᠤᠯᠤᠨ᠎ᠠ᠃ | ᠭᠤᠷᠪᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠬᠦᠨᠳᠦ ᠡᠭᠦᠷᠭᠡ ᠪᠣᠯᠭᠠᠵᠤ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠡᠭᠦᠷᠭᠡᠯᠡᠯ ᠢ ᠢᠯᠡᠷᠡᠭᠦᠯᠥᠨ᠎ᠡ | ᠠᠮᠢ ᠠᠬᠤᠢ ᠶᠢᠨ ᠪᠥᠳᠥᠭᠡᠨ ᠪᠠᠶᠢᠭᠤᠯᠤᠯᠳᠠ ᠶᠢᠨ ᠤᠳᠠᠭᠠᠨ ᠲᠠᠭᠠᠭᠠᠮᠠᠭᠠᠢ ᠳᠠᠶᠢᠯᠠᠯᠳᠤᠭᠠᠨ ᠢ ᠭᠥᠴᠥᠯᠡᠨ | ᠰᠠᠶᠢᠳᠤᠷ ᠬᠢᠵᠤ᠂ ︽ᠪᠠᠳᠠᠢ ᠶᠢᠨ ᠵᠢᠷᠠᠨ ᠡᠯᠡᠰᠤ — ᠡᠯᠡᠰᠤᠨ ᠴᠤᠬᠢᠶ᠎ᠠ ᠨᠠᠭᠤᠷ ᠪᠦᠷᠢᠳᠤ ᠶᠢᠨ ᠰᠦᠷᠦᠭᠵᠢᠯ︾ | ᠤᠨ ᠪᠠᠶᠢᠭᠠᠯᠢ ᠶᠢᠨ ᠥᠪ ᠤᠨ ᠬᠠᠮᠠᠭᠠᠯᠠᠯᠳᠠ ᠶᠢᠨ ᠬᠠᠤᠯᠢ ᠲᠤᠭᠳᠠᠭᠠᠬᠤ ᠠᠬᠢᠴᠠ ᠶᠢ ᠲᠥᠷᠭᠡᠳᠬᠡᠨ ᠠᠬᠢᠭᠤᠯᠵᠤ᠂ | ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠬᠤ᠂ ᠪᠠᠶᠢᠭᠤᠯᠤᠮᠵᠢ ᠶᠢᠨ ᠲᠤᠬᠢᠷᠠᠭᠤᠯᠤᠯᠳᠠ ᠬᠢᠭᠦ ᠵᠡᠷᠭᠡ ᠠᠵᠢᠯ ᠢ | ᠯᠠᠪᠳᠠᠭᠤᠨ ᠢᠶᠠᠷ ᠲᠥᠯᠬᠢᠨ ᠠᠬᠢᠭᠤᠯᠵᠤ᠂ ᠪᠠᠶᠢᠭᠠᠯᠢ ᠶᠢᠨ ᠥᠪ ᠤᠨ ᠭᠠᠵᠠᠷ ᠤᠨ ᠬᠠᠮᠠᠭᠠᠯᠠᠯᠳᠠ ᠬᠠᠮᠢᠶᠠᠷᠤᠯᠳᠠ ᠶᠢᠨ | ᠬᠠᠤᠯᠢᠵᠢᠯᠳᠠ᠂ ᠰᠢᠨᠵᠢᠯᠡᠭᠦ ᠤᠬᠠᠭᠠᠨᠴᠢᠯᠠᠯᠳᠠ᠂ ᠰᠢᠰᠲ᠋ᠧᠮᠵᠢᠯᠳᠠ ᠶᠢ ᠪᠡᠶᠡᠯᠡᠭᠦᠯᠭᠦ ᠶᠢ ᠲᠥᠯᠬᠢᠨ ᠠᠬᠢᠭᠤᠯᠤᠨ᠎ᠠ᠃ | ᠭᠤᠤᠯ ᠮᠥᠷᠡᠨ ᠨᠠᠭᠤᠷ ᠴᠥᠭᠦᠷᠥᠮ ᠤᠨ ᠲᠠᠷᠤᠭ᠎ᠠ ᠶᠢᠨ ᠲᠥᠷᠢᠮ᠂ ᠤᠢ ᠰᠢᠭᠤᠢ ᠶᠢᠨ ᠲᠠᠷᠤᠭ᠎ᠠ ᠶᠢᠨ ᠲᠥᠷᠢᠮ | ᠵᠢᠴᠢ ᠪᠡᠯᠴᠢᠭᠡᠷᠯᠡᠭᠦᠯᠭᠦ ᠶᠢ ᠵᠤᠭᠰᠤᠭᠠᠵᠤ ᠰᠡᠯᠪᠡᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠵᠡᠷᠭᠡ ᠲᠥᠷᠤ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠳᠤ︾ ᠶᠢᠨ ᠵᠢᠷᠭᠤᠳᠤᠭᠠᠷ | ᠬᠤᠭᠤᠴᠠᠭᠠᠨ ᠤ ᠢᠨᠵᠧᠨᠧᠷᠢᠩ ᠤᠨ ᠪᠥᠳᠤᠭᠡᠨ ᠪᠠᠶᠢᠭᠤᠯᠤᠯᠳᠠ ᠶᠢ ᠴᠢᠨᠠᠷ ᠰᠠᠶᠢᠳᠠᠢ ᠥᠨᠳᠤᠷ ᠪᠥᠳᠤᠮᠵᠢᠳᠠᠢ | ᠠᠬᠢᠭᠤᠯᠤᠨ᠂ ᠡᠾᠧᠰᠢ ᠶᠢᠨ ᠬᠤᠩᠬᠢᠯ — ᠲᠠᠺᠯᠧᠮᠭᠠᠶᠢᠨ ᠡᠯᠡᠰᠤᠨ ᠴᠥᠯ ᠤᠨ ᠭᠥᠪᠡᠭᠡ ᠬᠢᠵᠠᠭᠠᠷ ᠤᠷᠤᠨ ᠤ | ᠡᠯᠡᠰᠤ ᠶᠢ ᠰᠡᠷᠬᠡᠶᠢᠯᠡᠭᠦ ᠲᠠᠶᠢᠯᠠᠯᠳᠤᠭᠠᠨ ᠢ ᠪᠥᠭᠦ ᠭᠥᠴᠤᠨ ᠢᠶᠠᠷ ᠢᠶᠠᠨ ᠰᠠᠶᠢᠳᠤᠷ ᠬᠢᠵᠤ᠂ ᠵᠢᠯ ᠤᠨ ᠲᠤᠳᠤᠷ᠎ᠠ | ᠬᠥᠮᠥᠨ ᠤ ᠭᠥᠴᠤ ᠪᠠᠷ ᠡᠪᠡᠰᠤ ᠲᠠᠷᠢᠬᠤ᠂ ᠢᠨᠵᠧᠨᠧᠷᠢᠩ ᠢᠶᠠᠷ ᠡᠯᠡᠰᠤ ᠶᠢ ᠲᠤᠭᠳᠠᠪᠤᠷᠢᠵᠢᠭᠤᠯᠬᠤ᠂ ᠡᠯᠡᠰᠤ ᠶᠢ | ᠪᠢᠳᠡᠭᠦᠮᠵᠢᠯᠡᠨ ᠤᠶᠢᠵᠢᠭᠤᠯᠬᠤ ᠵᠡᠷᠭᠡ ᠡᠯ᠎ᠡ ᠲᠥᠷᠥᠯ ᠤᠨ ᠠᠮᠢ ᠠᠬᠤᠢ ᠶᠢᠨ ᠪᠥᠳᠤᠭᠡᠨ ᠪᠠᠶᠢᠭᠤᠯᠤᠯᠳᠠ ᠶᠢᠨ | ᠢᠨᠵᠧᠨᠧᠷᠢᠩ ᠢ 50 ᠲᠥᠮᠡᠨ ᠮᠤ᠋ ᠠᠴᠠ ᠲᠡᠭᠡᠭᠰᠢ ᠪᠡᠶᠡᠯᠡᠭᠦᠯᠵᠤ᠂ 4 ᠳ᠋ᠥᠩᠰᠢᠭᠤᠷ ᠲᠥᠭᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠭᠦᠯᠥᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠬᠦᠴᠦᠯᠡᠨ ᠰᠠᠶᠢᠲᠤᠷ ᠬᠢᠵᠦ᠂ ᠠᠮᠢ ᠠᠬᠤᠶ ᠣᠷᠴᠢᠨ ᠲᠣᠭᠤᠷᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠶᠢ ᠪᠠᠭᠠᠰᠬᠠᠵᠤ ᠪᠣᠬᠢᠷᠲᠤᠯ ᠢ ᠪᠠᠭᠠᠰᠬᠠᠨ ᠨᠣᠭᠤᠭᠠᠷᠠᠭᠤᠯᠤᠯᠲᠠ ᠶᠢ | ᠥᠷᠭᠡᠳᠬᠡᠬᠦ ᠨᠡᠮᠡᠭᠳᠡᠯ ᠢ ᠬᠠᠮᠵᠢᠯᠴᠠᠨ ᠠᠬᠢᠭᠤᠯᠵᠤ᠂ ᠲᠥᠪ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠪᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠥᠨᠡᠡᠭᠦ ᠴᠢᠩᠭᠠᠳᠬᠠᠨ᠎ᠠ᠃ | ᠪᠠᠷᠢᠯᠭ᠎ᠠ ᠶᠢᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠠᠯᠠᠪᠤᠷ ᠢ ᠰᠢᠨ᠎ᠡ ᠪᠠᠷ ᠪᠠᠶᠢᠭᠤᠯᠤᠨ᠂ | ᠰᠤᠮᠤ ᠪᠠᠯᠭᠠᠰᠤᠨ ᠤ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠰᠠᠭᠤᠷᠢ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠤ᠂ ᠪᠣᠬᠢᠷᠲᠤᠯ ᠪᠣᠳᠠᠰ ᠢ ᠡᠮᠬᠢ ᠵᠢᠷᠤᠮ ᠥᠬᠡᠶ ᠭᠠᠳᠠᠭᠰᠢᠯᠠᠭᠤᠯᠬᠤ ᠶᠢ ᠡᠷᠡᠰ | ᠬᠤᠷᠢᠭᠯᠠᠨ᠎ᠠ᠃ ᠤᠰᠤ ᠠᠷᠪᠢᠯᠠᠵᠤ ᠤᠰᠤ ᠲᠠᠲᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠬᠦᠴᠦᠯᠡᠨ ᠰᠠᠶᠢᠲᠤᠷ | ᠬᠢᠵᠦ᠂ ᠤᠰᠤ ᠠᠷᠪᠢᠯᠠᠬᠤ ᠠᠵᠢᠯᠯᠠᠭ᠎ᠠ ᠶᠢ ᠥᠷᠭᠡᠨ ᠲᠡᠯᠭᠡᠷᠡᠩᠭᠦᠢ ᠭᠦᠨᠵᠡᠭᠡᠶ ᠥᠷᠨᠢᠭᠦᠯᠥᠨ᠂ ᠲᠠᠷᠢᠶᠠᠯᠠᠩ ᠤᠨ | ᠤᠰᠤ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ︽ᠤᠰᠤᠨ ᠤ ᠬᠦᠴᠢᠷᠳᠡᠯ︾ ᠤᠨ | ᠠᠰᠠᠭᠤᠳᠠᠯ ᠢ ᠰᠢᠢᠳᠪᠦᠷᠢᠯᠡᠵᠦ᠂ ᠮᠠᠨ ᠤ ᠬᠤᠰᠢᠭᠤ ᠶᠢ 1987 ᠤᠨ ᠤ ᠤᠰᠤ ᠬᠤᠪᠢᠶᠠᠬᠤ ᠲᠥᠰᠦᠯ ᠢ | ᠲᠣᠬᠢᠷᠠᠭᠤᠯᠬᠤ ᠪᠠ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ ᠠᠷᠠᠯᠵᠢᠶᠠᠯᠠᠬᠤ ᠬᠡᠪᠴᠢᠶᠡᠨ ᠳᠤ | ᠣᠷᠣᠭᠤᠯᠬᠤ ᠪᠠᠷ ᠢᠳᠡᠪᠬᠢᠯᠡᠨ ᠴᠢᠷᠮᠠᠶᠢᠵᠤ᠂ ᠤᠯᠤᠰ ᠥᠪᠡᠷᠲᠡᠭᠡᠨ ᠵᠠᠰᠠᠬᠤ ᠣᠷᠣᠨ ᠢ ᠵᠣᠬᠢᠴᠠᠭᠤᠯᠤᠨ ᠬᠠᠲᠤᠨ | ᠭᠤᠤᠯ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ | ᠤᠰᠤᠨ ᠤ ᠡᠬᠢ ᠪᠠᠶᠠᠯᠢᠭ ᠤᠨ ᠬᠥᠴᠥᠳᠤ ᠲᠤᠯᠭᠠᠭᠤᠷᠢᠯᠠᠯ ᠬᠠᠩᠭᠠᠨ᠎ᠠ᠃ | ᠳᠥᠷᠪᠡ᠂ ᠨᠥᠬᠦᠴᠡᠯ ᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠬᠤᠲᠠ ᠭᠥᠳᠡᠭᠡᠨ ᠤ ᠬᠥᠭᠵᠢᠯᠲᠡ ᠶᠢᠨ | ᠰᠢᠨ᠎ᠡ ᠠᠯᠬᠤᠴᠠ ᠶᠢ ᠲᠥᠷᠭᠡᠳᠬᠡᠨ᠎ᠡ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ | ᠨᠠᠷᠢᠯᠢᠭ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ᠂ ᠶᠠᠳᠠᠭᠤ ᠠᠴᠠ ᠰᠡᠷᠭᠡᠶᠢᠯᠡᠬᠦ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ | ᠲᠥᠷᠥᠯ ᠵᠦᠢᠯ ᠪᠠ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠦᠷᠦᠯ ᠵᠦᠢᠯ ᠢ ᠴᠢᠨᠠᠷ | ᠰᠠᠶᠢᠲᠠᠢ ᠥᠨᠳᠥᠷ ᠪᠦᠲᠦᠮᠵᠢᠲᠡᠢ ᠠᠬᠢᠭᠤᠯᠤᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠭᠠᠴᠠᠭᠠᠨ ᠤ | ᠬᠠᠮᠲᠤ ᠶᠢᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠨᠡᠮᠡᠭᠳᠡᠬᠦ ᠶᠢ ᠳᠠᠶᠢᠴᠢᠯᠠᠨ᠎ᠠ᠃ ᠰᠠᠭᠤᠷᠢ | ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠮᠳᠠ | ᠪᠠᠭ᠎ᠠ ᠭᠤᠤᠯ᠂ ᠠᠭᠤᠯᠠᠨ ᠦᠶᠡᠷ ᠤᠨ ᠭᠤᠤ ᠶᠢ ᠵᠠᠰᠠᠬᠤ ᠵᠢᠴᠢ ᠰᠤᠮᠤ ᠪᠠᠯᠭᠠᠰᠤᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠤᠰᠤᠨ ᠰᠤᠷᠪᠤᠯᠵᠢ ᠵᠡᠷᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ | ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠤᠤᠭᠤᠬᠤ ᠤᠰᠤᠨ ᠤ | ᠠᠮᠤᠷ ᠲᠦᠪᠰᠢᠨ ᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ | ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠤᠲᠠ ᠭᠥᠳᠡᠭᠡᠨ ᠤ ᠴᠠᠬᠢᠯᠭᠠᠨ ᠤ ᠲᠣᠤᠷ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠴᠢᠩᠭᠠᠳᠬᠠᠨ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠶᠢ ᠦᠷᠭᠦᠯᠵᠢᠯᠡᠨ ᠠᠬᠢᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ S228 ᠱᠤᠭᠤᠮ ᠤᠨ ᠸᠧᠢ ᠺᠧᠩ ᠴᠢᠤᠸᠠᠨ ᠠᠴᠠ ᠪᠠᠳᠠᠶ ᠶᠢᠨ ᠵᠢᠷᠠᠨ | ᠪᠠᠯᠭᠠᠰᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ S240 ᠱᠤᠭᠤᠮ ᠤᠨ ᠬᠠᠷᠠᠰᠤᠬᠠᠢ ᠠᠴᠠ ᠪᠠᠭᠤᠬᠤ ᠶᠢᠨ | ᠭᠤᠤᠯ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠲᠥᠷᠥᠯ ᠵᠦᠢᠯ ᠲᠣᠭᠲᠠᠭᠠᠨ ᠬᠡᠷᠡᠭᠵᠢᠭᠦᠯᠬᠦ ᠶᠢ ᠢᠳᠡᠪᠬᠢᠲᠡᠶ | ᠣᠯᠵᠤ᠂ ᠠᠯᠠᠱᠠ ᠪᠠᠷᠠᠭᠤᠨ ᠬᠤᠰᠢᠭᠤᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠦᠯᠬᠦ᠂ ᠲᠠᠩᠰᠤᠭᠪᠤᠯᠠᠭ ᠤᠨ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠲᠦᠷᠭᠡᠳᠬᠡᠨ ᠭᠦᠢᠴᠡᠳᠬᠡᠵᠦ᠂ ᠣᠯᠠᠨ ᠲᠦᠮᠡᠨ ᠤ ᠭᠠᠳᠠᠭᠰᠢ ᠭᠠᠷᠬᠤ ᠳᠤ ᠤᠯᠠᠮ | ᠨᠢᠭᠡ ᠠᠯᠬᠤᠮ ᠲᠥᠬᠦᠮ ᠦᠵᠡᠭᠦᠯᠦᠨ᠎ᠡ᠃ ᠣᠶᠤᠨᠴᠢ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ 5G ᠶᠢᠨ ᠳᠣᠬᠢᠶᠠᠨ ᠤ ᠪᠦᠷᠬᠦᠴᠡ ᠶᠢ ᠲᠠᠰᠤᠷᠠᠯᠲᠠ | ᠦᠭᠡᠢ ᠥᠷᠭᠡᠳᠬᠡᠨ᠎ᠡ᠃ ᠬᠤᠲᠠ ᠬᠥᠳᠡᠭᠡ ᠶᠢᠨ ᠴᠢᠳᠠᠮᠵᠢ ᠶᠢ ᠲᠡᠭᠦᠯᠳᠡᠷᠵᠢᠭᠦᠯᠬᠦ ᠶᠢ ᠦᠷᠭᠦᠯᠵᠢᠯᠡᠨ ᠠᠬᠢᠭᠤᠯᠵᠤ᠂ | ︽ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ | ᠵᠣᠬᠢᠶᠠᠵᠤ᠂ 8900 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠲᠠ ᠪᠠᠯᠭᠠᠰᠤᠨ ᠤ ᠤᠰᠤ ᠬᠠᠩᠭᠠᠬᠤ᠂ | ᠤᠰᠤ ᠭᠠᠳᠠᠭᠰᠢᠯᠠᠭᠤᠯᠬᠤ᠂ ᠢᠯᠴᠢ ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠤᠨ | ᠲᠥᠬᠦᠭᠡᠷᠦᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠪᠠᠳᠠᠶ ᠶᠢᠨ ᠵᠢᠷᠠᠨ ᠪᠠᠯᠭᠠᠰᠤᠨ ᠤ ᠬᠠᠭᠤᠴᠢᠨ ᠵᠢᠵᠢᠭ | ᠲᠣᠭᠤᠷᠢᠭ ᠪᠣᠯᠣᠨ ᠭᠤᠤᠯ ᠵᠡᠭᠡᠯᠢ ᠭᠤᠳᠤᠮᠵᠢ ᠶᠢ ᠥᠭᠡᠷᠡᠴᠢᠯᠡᠬᠦ ᠠᠵᠢᠯ ᠢ ᠪᠡᠶᠡᠯᠡᠭᠦᠯᠦᠨ᠎ᠡ᠃ ᠬᠤᠳᠠᠯᠳᠤᠭᠠᠨ ᠤ | ᠬᠡᠲᠦ ᠳᠡᠯᠭᠡᠭᠦᠷ᠂ ᠭᠥᠢᠳᠡᠨ ᠬᠡᠯᠬᠢᠶ᠎ᠡ ᠵᠡᠷᠭᠡ ᠬᠤᠰᠢᠭᠤᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠵᠦ᠂ ᠪᠡᠶ᠎ᠡ ᠲᠠᠮᠢᠷ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠣᠷᠣᠰᠢᠨ ᠰᠠᠭᠤᠬᠤ ᠳᠤ ᠨᠠᠩ ᠲᠠᠭᠠᠯᠠᠮᠵᠢᠲᠠᠶ᠂ ᠰᠡᠳᠬᠢᠯ ᠬᠠᠨᠤᠮᠵᠢᠲᠠᠶ ᠣᠷᠴᠢᠨ | ᠲᠣᠭᠤᠷᠢᠨ ᠢ ᠪᠣᠶ ᠪᠣᠯᠭᠠᠨ᠎ᠠ᠃ | ᠲᠠᠪᠤ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠦᠨᠳᠦᠰᠦ ᠪᠣᠯᠭᠠᠵᠤ᠂ ᠠᠷᠠᠳ ᠲᠦᠮᠡᠨ ᠤ ᠲᠥᠯᠥᠭᠡ | ᠬᠥᠭᠵᠢᠯᠲᠡ ᠳᠤ ᠦᠢᠯᠡᠴᠢᠯᠡᠬᠦ ᠶᠢ ᠥᠢᠯᠡᠳᠥᠯᠭᠡᠵᠢᠭᠦᠯᠥᠨᠡ | ᠠᠷᠭ᠎ᠠ ᠪᠦᠬᠦᠨ ᠢ ᠰᠦᠪᠡᠭᠴᠢᠯᠡᠨ ᠨᠡᠶᠢᠭᠡᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠳᠤᠲᠠᠭᠳᠠᠵᠤ ᠪᠠᠶᠢᠭ᠎ᠠ ᠴᠢᠳᠠᠪᠤᠷᠢᠲᠠᠨ ᠵᠢᠴᠢ | ᠨᠡᠶᠢᠭᠡᠮ ᠤᠨ ᠠᠵᠢᠯᠲᠠᠨ ᠡᠯᠰᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠬᠤ ᠶᠢ ᠪᠠᠷᠢᠮᠲᠠᠯᠠᠨ᠎ᠠ᠃ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠨᠠᠰᠤᠲᠠᠶᠢᠴᠤᠳ ᠲᠤ ᠬᠤᠭᠤᠯᠠ | ᠤᠮᠳᠠ ᠬᠠᠩᠭᠠᠬᠤ ᠪᠠ ᠬᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠢᠳᠡᠪᠬᠢᠲᠡᠶ | ᠳᠡᠯᠭᠡᠷᠡᠭᠦᠯᠵᠦ᠂ ᠭᠤᠤᠯᠳᠠᠯᠭ᠎ᠠ ᠲᠠᠢ ᠬᠥᠮᠦᠰ ᠤᠨ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ | ᠲᠥᠷᠭᠡᠳᠬᠡᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠷᠦᠩᠬᠡᠶᠢᠯᠡᠨ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠲᠡᠭᠡᠳᠤ ᠶᠢᠨ ᠵᠢᠭᠠᠨ ᠰᠤᠷᠭᠠᠯᠲᠠ ᠶᠢᠨ ᠠᠰᠠᠷ | ᠵᠢᠴᠢ ᠰᠤᠷᠭᠠᠭᠤᠯᠢ ᠶᠢᠨ ᠪᠠᠶᠢᠷᠢ ᠶᠢ ᠨᠠᠶᠢᠳᠠᠪᠤᠷᠢᠵᠢᠭᠤᠯᠤᠨ ᠪᠠᠶᠢᠭᠤᠯᠬᠤ ᠶᠢ ᠠᠬᠢᠭᠤᠯᠤᠨ᠎ᠠ᠃ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠪᠦᠬᠦ | ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠭᠥᠭᠵᠢᠯᠳᠡ ᠶᠢ ᠬᠠᠯᠠᠮᠵᠢᠯᠠᠨ | ᠳᠡᠮᠵᠢᠬᠦ ᠶᠢ ᠵᠣᠷᠢᠭᠵᠢᠭᠤᠯᠤᠨ ᠳᠠᠶᠢᠴᠢᠯᠠᠨ᠎ᠠ᠃ ︽ᠰᠢᠨ᠎ᠡ ᠶᠢ ᠡᠭᠦᠳᠬᠦ ᠣᠷᠦ᠋ᠢᠯᠠᠭᠴᠢ ᠴᠢᠳᠠᠪᠤᠷᠢᠲᠠᠨ ᠢ | ᠬᠥᠮᠦᠵᠢᠭᠦᠯᠬᠦ︾ ᠲᠥᠯᠥᠪᠯᠡᠭᠡ ᠶᠢ ᠭᠦᠨᠵᠡᠭᠡᠶ ᠠᠬᠢᠭᠤᠯᠵᠤ᠂ ᠶᠢᠨ ᠴᠠᠩ ᠬᠤᠳᠠ ᠶᠢᠨ ᠶᠢᠨ ᠴᠤᠸᠠᠨ ᠲᠣᠭᠤᠷᠢᠭ ᠲᠠᠢ | ᠬᠠᠮᠲᠤ ᠪᠠᠷ ᠪᠠᠶᠢᠭᠤᠯᠬᠤ ᠬᠡᠯᠪᠡᠷᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠰᠤᠷᠭᠠᠭᠤᠯᠢ ᠡᠷᠭᠢᠯᠡᠬᠦ ᠵᠠᠭᠪᠤᠷ ᠢ | ᠰᠦᠪᠡᠭᠴᠢᠯᠡᠵᠦ᠂ ᠡᠯ᠎ᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠤᠨ | ᠪᠠᠭᠤᠷᠠᠢ ᠲᠠᠯ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠣᠷᠣᠨ ᠪᠦᠰᠡ ᠠᠯᠤᠰᠯᠠᠭᠰᠠᠨ | ᠡᠮᠴᠢᠯᠡᠭᠡᠨ ᠤ ᠬᠤᠯᠪᠣᠭᠠᠲᠤ ᠴᠣᠭᠴᠠ᠂ ᠬᠤᠰᠢᠭᠤᠨ ᠤ ᠬᠡᠪᠴᠢᠶᠡᠨ ᠤ ᠡᠮᠴᠢᠯᠡᠭᠡᠨ ᠤ ᠬᠠᠮᠲᠤ ᠴᠣᠭᠴᠠ ᠶᠢᠨ | ᠪᠠᠶᠢᠭᠤᠯᠤᠯᠲᠠ ᠶᠢ ᠭᠥᠨᠵᠡᠭᠡᠶᠢᠷᠡᠭᠦᠯᠥᠨ᠂ ᠭᠠᠳᠠᠷ ᠰᠠᠯᠠᠭ᠎ᠠ᠂ ᠠᠷᠢᠭᠤᠳᠬᠠᠵᠤ ᠬᠠᠩᠭᠠᠬᠤ ᠲᠥᠪ᠂ ᠮᠢᠺᠷᠣᠪ ᠤᠨ | ᠲᠤᠷᠰᠢᠯᠲᠠ ᠶᠢᠨ ᠲᠠᠰᠤᠭ ᠢ ᠪᠠᠶᠢᠭᠤᠯᠤᠨ ᠬᠦᠴᠦᠷᠬᠡᠭᠵᠢᠭᠦᠯᠵᠦ᠂ ᠨᠠᠷᠠᠲᠤ ᠡᠮᠨᠡᠯᠭᠡ ᠶᠢᠨ ᠬᠤᠷᠢᠶ᠎ᠠ ᠯᠤᠭ᠎ᠠ ᠰᠠᠭᠠᠳ | ᠥᠬᠡᠶ ᠰᠢᠯᠵᠢᠭᠦᠯᠦᠨ ᠡᠮᠨᠡᠭᠦᠯᠬᠦ ᠵᠠᠮ ᠢ ᠥᠷᠭᠡᠳᠬᠡᠨ ᠪᠠᠶᠢᠭᠤᠯᠵᠤ᠂ ᠡᠮᠴᠢᠯᠡᠭᠡᠨ ᠤ ᠥᠢᠯᠡᠴᠢᠯᠡᠭᠡᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ | ᠰᠠᠬᠢᠨ ᠬᠠᠮᠠᠭᠠᠯᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠲᠡᠭᠦᠰᠬᠡᠯ ᠤᠨ | ᠳ᠋ᠦᠩᠨᠡᠯᠲᠡ ᠶᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠦᠷᠭᠦᠯᠵᠢᠯᠡᠨ ᠰᠢᠢᠳᠪᠤᠷᠢᠯᠡᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠠᠤᠯᠢ ᠶᠣᠰᠣᠭᠠᠷ ᠴᠣᠬᠢᠯᠲᠠ ᠥᠭᠴᠦ᠂ ᠨᠠᠩ ᠥᠨᠳᠥᠷ ᠬᠢᠷᠢ ᠲᠦᠪᠰᠢᠨ ᠲᠠᠢ ︽ᠠᠮᠤᠷ ᠠᠮᠤᠭᠤᠯᠠᠩ ᠠᠯᠠᠱᠠ | ᠪᠠᠷᠠᠭᠤᠨ ᠬᠤᠰᠢᠭᠤ︾ ᠶᠢ ᠪᠥᠲᠥᠭᠡᠨ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠥᠨᠳᠤᠰᠤ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ | ᠬᠢᠮᠢ ᠶᠢᠨ ᠪᠣᠳᠠᠰ᠂ ᠠᠭᠤᠷᠬᠠᠢ ᠶᠢᠨ ᠦᠢᠯᠡᠳᠪᠦᠷᠢᠯᠡᠯ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠡᠮ ᠤᠨ ᠵᠦᠢᠯ᠂ | ᠭᠠᠯ ᠰᠡᠷᠭᠡᠶᠢᠯᠡᠨ ᠤᠨᠲᠠᠷᠠᠭᠠᠬᠤ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ | ᠠᠪᠤᠷᠠᠨ ᠲᠤᠰᠠᠯᠠᠬᠤ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠭᠦᠯᠥᠨ᠎ᠡ᠃ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠦᠨᠳᠦᠰᠦᠲᠡᠨ ᠤ ᠪᠦᠯᠬᠦᠮᠳᠡᠯ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠳᠠᠭᠠᠳᠤ ᠶᠠᠪᠤᠳᠠᠯ ᠬᠢᠯᠢ ᠶᠢᠨ ᠬᠠᠮᠠᠭᠠᠯᠠᠯᠲᠠ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠴᠢᠩᠭᠠᠳᠬᠠᠵᠤ᠂ ᠡᠯ᠎ᠡ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠥᠢᠯᠡᠳᠤᠯ ᠢᠶᠠᠨ ᠨᠠᠩ | ᠰᠠᠶᠢᠲᠤᠷ ᠪᠠᠳᠠᠷᠠᠭᠤᠯᠬᠤ ᠶᠢ ᠳᠡᠮᠵᠢᠵᠦ᠂ ᠡᠯ᠎ᠡ ᠲᠥᠷᠥᠯ ᠤᠨ ᠠᠵᠢᠯ ᠥᠢᠯᠡᠰ ᠤᠨ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ᠃ | ᠵᠢᠷᠭᠤᠭ᠎ᠠ᠂ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠵᠠᠰᠠᠭ ᠤᠨ ᠣᠷᠳᠣᠨ ᠤ | ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠤᠯᠭᠠᠨ᠎ᠠ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠬᠤ ᠶᠢ ᠡᠭᠦᠷᠢᠳᠡ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠲᠣᠭᠲᠠᠭᠠᠬᠤ︾ ᠶᠢ ᠭᠦᠨᠵᠡᠭᠡᠶ ᠣᠶᠢᠯᠠᠭᠠᠬᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠳᠤᠮᠳᠠ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ | ᠲᠡᠭᠡᠭᠰᠢᠯᠡᠭᠦᠯᠥᠨ᠎ᠡ᠃ ᠬᠤᠯᠠ ᠶᠢ ᠪᠣᠳᠣᠯᠬᠢᠯᠠᠨ ᠪᠣᠳᠠᠲᠠᠶ ᠶᠢ ᠡᠷᠬᠢᠮᠯᠡᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠵᠣᠬᠢᠴᠠᠬᠤ ᠥᠬᠡᠶ ᠠᠯᠢᠪᠠ | ᠵᠠᠩᠰᠢᠯ ᠤᠨ ᠰᠡᠳᠬᠢᠬᠦᠶ ᠶᠢ ᠲᠠᠶᠠᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠲᠠᠢ ᠵᠣᠬᠢᠴᠠᠬᠤ ᠥᠬᠡᠶ | ᠤᠤᠯ ᠤᠨ ᠠᠷᠭ᠎ᠠ ᠬᠢᠳᠡᠯ ᠢ ᠡᠪᠳᠡᠨ᠂ ᠰᠢᠨᠡᠴᠢᠯᠡᠯᠲᠡ ᠶᠢᠨ ᠦᠵᠡᠯᠲᠡ᠂ ᠨᠠᠩ ᠥᠷᠭᠡᠨ ᠬᠠᠷᠠᠭᠠᠰᠤ᠂ ᠨᠠᠩ ᠥᠨᠳᠥᠷ | ᠬᠥᠭᠡᠭᠡᠴᠡᠯᠳᠦᠯ ᠢᠶᠠᠷ ᠬᠥᠭᠵᠢᠯᠲᠡ ᠶᠢ ᠰᠦᠪᠡᠭᠴᠢᠯᠡᠵᠦ ᠬᠥᠭᠵᠢᠯᠲᠡ ᠶᠢ ᠠᠬᠢᠭᠤᠯᠤᠨ᠂ ᠵᠣᠷᠢᠭᠲᠠᠶ ᠪᠠᠷ ᠬᠢᠵᠦ | ᠵᠣᠷᠢᠭᠲᠠᠶ ᠪᠠᠷ ᠲᠤᠷᠰᠢᠵᠤ᠂ ᠦᠵᠡᠯ ᠰᠠᠨᠠᠭᠠᠨ ᠤ ᠰᠢᠪᠳᠤᠯᠤᠯᠳᠠ ᠪᠠᠷ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ | ᠬᠥᠭᠵᠢᠯᠲᠡ ᠶᠢᠨ ᠰᠢᠪᠲᠤᠯᠤᠯᠳᠠ ᠶᠢ ᠬᠥᠲᠥᠯᠥᠨ ᠳᠠᠭᠠᠭᠤᠯᠵᠤ᠂ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠰᠢᠨ᠎ᠡ ᠵᠠᠮ ᠢ ᠨᠡᠭᠡᠭᠡᠬᠦ ᠶᠢ ᠠᠬᠢᠭᠤᠯᠤᠨ᠎ᠠ᠃ | ᠠᠵᠢᠯ ᠤᠨ ᠰᠤᠷᠲᠠᠯ ᠢᠶᠠᠨ ᠰᠢᠨᠲᠠᠷᠠᠰᠢ ᠦᠭᠡᠢ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠮᠨᠠᠵᠤ | ᠠᠮᠢᠳᠤᠷᠠᠬᠤ ᠶᠢ ᠲᠤᠯᠤᠭᠠᠶᠢᠯᠠᠨ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ | ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ᠎ᠡ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠵᠢᠴᠢ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠤᠯᠢᠵᠢᠯ ᠤᠨ | ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠃ | ᠡᠷᠬᠢᠮ ᠲᠥᠯᠥᠭᠡᠯᠡᠭᠴᠢᠳ ᠡ︕ ᠡᠭᠦᠷᠭᠡ ᠬᠦᠨᠳᠦ ᠵᠠᠮ ᠬᠤᠯᠠ᠂ ᠬᠦᠴᠦᠲᠦ ᠳᠠᠪᠠᠯᠭᠠᠨ ᠤᠷᠬᠢᠯᠤᠨ ᠪᠤᠰᠴᠤ᠂ | ᠪᠢᠳᠠ ᠥᠪᠡᠷ ᠢᠶᠠᠨ ᠳᠠᠷᠪᠠᠭᠤᠯ ᠬᠡᠶᠢᠰᠬᠡᠨ ᠳᠠᠪᠠᠯᠭᠠᠨ ᠢ ᠵᠦᠰᠦᠨ ᠤᠷᠤᠭᠰᠢᠯᠠᠬᠤ ᠬᠡᠷᠡᠭᠳᠡᠢ ᠪᠠᠶᠢᠨ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠴᠤᠴᠠᠯᠲᠠ ᠦᠭᠡᠢ ᠤᠷᠤᠭᠰᠢᠯᠠᠵᠤ᠂ ᠬᠤᠰᠢᠭᠤᠨ ᠤ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | ᠨᠡᠷ᠎ᠡ ᠲᠣᠮᠢᠶ᠎ᠠ ᠶᠢᠨ ᠲᠠᠶᠢᠯᠪᠤᠷᠢ | ᠬᠤᠶᠠᠷ ᠶᠡᠭᠡ ᠶᠠᠪᠤᠳᠠᠯ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ | ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ ᠲᠠᠪᠤᠨ ᠶᠡᠭᠡ ᠡᠭᠦᠷᠭᠡ ᠪᠤᠯ ᠥᠪᠥᠷ ᠮᠣᠩᠭᠤᠯ ᠢ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠤᠨ᠎ᠠ᠃ | ᠵᠢᠷᠭᠤᠭᠠᠨ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ | 3. ᠲᠠᠪᠤᠨ ᠶᠡᠭᠡ ᠰᠠᠭᠤᠷᠢᠨ ᠭᠠᠵᠠᠷ᠄ ᠠᠶᠢᠮᠠᠭ ᠤᠨ ᠨᠠᠮ ᠤᠨ ᠬᠤᠷᠢᠶ᠎ᠠ ᠠᠴᠠ ᠳᠤᠷᠠᠳᠤᠭᠰᠠᠨ ᠮᠠᠨ ᠤ | ᠤᠯᠤᠰ ᠤᠨ ᠤᠮᠠᠷᠠᠲᠤ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ | ᠪᠥᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ᠂ ᠪᠥᠬᠦ ᠤᠯᠤᠰ ᠤᠨ ᠴᠢᠬᠤᠯᠠ ᠣᠲᠣ | ᠦᠶ᠎ᠡ ᠶᠢᠨ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠪᠥᠬᠦ ᠤᠯᠤᠰ ᠤᠨ ᠣᠲᠣ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠥᠬᠦ ᠤᠯᠤᠰ ᠤᠨ ᠣᠲᠣ | ᠦᠶ᠎ᠡ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠵᠢᠭᠠᠵᠤ | ᠪᠠᠶᠢᠨ᠎ᠠ᠃ | 4. ᠲᠤᠯᠤᠭᠠᠨ ᠶᠡᠭᠡ ᠢᠨᠵᠧᠨᠧᠷᠢᠩ᠄ ᠠᠶᠢᠮᠠᠭ ᠤᠨ ᠨᠠᠮ ᠤᠨ ᠬᠤᠷᠢᠶ᠎ᠠ ᠠᠴᠠ ᠳᠤᠷᠠᠳᠤᠭᠰᠠᠨ ᠡᠯᠡᠰᠦ ᠶᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠪᠠᠷ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠨᠢᠭᠡ | ᠴᠣᠭᠴᠠᠵᠢᠭᠤᠯᠬᠤ ᠢᠨᠵᠧᠨᠧᠷᠢᠩ᠂ ᠬᠦᠷᠢᠶᠡᠯᠡᠩ ᠲᠣᠭᠤᠷᠢᠭ ᠪᠠ ᠠᠵᠤ ᠦᠢᠯᠡᠰ ᠢ ᠲᠠᠰ ᠳᠡᠪᠰᠢᠭᠦᠯᠬᠦ ᠢᠨᠵᠧᠨᠧᠷᠢᠩ᠂ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠳᠤᠯᠠᠭᠠᠴᠠᠭᠤᠯᠬᠤ ᠢᠨᠵᠧᠨᠧᠷᠢᠩ᠂ | ᠨᠡᠭᠡᠭᠡᠯᠲᠡ ᠬᠢᠵᠦ ᠬᠠᠮᠲᠤᠷᠠᠯᠴᠠᠬᠤ ᠢᠨᠵᠧᠨᠧᠷᠢᠩ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠢᠨᠵᠧᠨᠧᠷᠢᠩ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ | ᠢᠨᠵᠧᠨᠧᠷᠢᠩ ᠢ ᠵᠢᠭᠠᠵᠤ ᠪᠠᠶᠢᠨ᠎ᠠ᠃ | 5. ᠨᠡᠭᠦᠷᠡᠰᠦᠲᠥ᠋ᠷᠥᠭᠴᠢ ᠥᠭᠡᠢ ᠵᠢᠵᠢᠭ ᠪᠠᠯᠭᠠᠰᠤ᠄ ᠡᠨᠧᠷᠭᠢ ᠶᠢᠨ ᠡᠬᠢ ᠪᠠᠶᠠᠯᠢᠭ ᠢ ᠪᠣᠬᠢᠷᠲᠤᠯ ᠥᠬᠡᠶ᠂ ᠡᠬᠢ | ᠪᠠᠶᠠᠯᠢᠭ ᠤᠨ ᠠᠰᠢᠭᠯᠠᠯᠲᠠ ᠶᠢ ᠪᠣᠬᠢᠷᠲᠤᠯ ᠥᠬᠡᠶ᠂ ᠠᠵᠤ ᠦᠢᠯᠡᠰ ᠤᠨ ᠮᠡᠷᠭᠡᠵᠢᠯ ᠢ ᠪᠣᠬᠢᠷᠲᠤᠯ ᠥᠬᠡᠶ ᠪᠣᠯᠭᠠᠬᠤ | ᠵᠡᠷᠭᠡ ᠶᠢ ᠥᠷᠨᠢᠭᠦᠯᠵᠦ᠂ ᠰᠢᠶᠠᠩ ᠪᠠᠯᠭᠠᠰᠤᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠴᠡᠪᠡᠷ | ᠨᠡᠮᠡᠭᠳᠡᠯ ᠤᠨ ᠬᠡᠮᠵᠢᠶ᠎ᠡ ᠶᠢ ᠲᠢᠭ ᠪᠣᠯᠭᠠᠬᠤ ᠶᠢ ᠵᠢᠭᠠᠵᠤ ᠪᠠᠶᠢᠨ᠎ᠠ᠃ | 6. ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾᠄ ᠭᠤᠣᠯ ᠠᠭᠤᠯᠭ᠎ᠠ ᠨᠢ ᠨᠡᠶᠢᠭᠡᠮ ᠤᠨ | ᠵᠠᠰᠠᠯᠲᠠ ᠶᠢ ᠥᠷᠨᠢᠭᠦᠯᠬᠦ ᠳᠤᠮᠳᠠ ︽ᠲᠠᠪᠤ ᠶᠢ ᠪᠠᠷᠢᠮᠲᠠᠯᠠᠬᠤ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠨᠠᠮ ᠤᠨ | ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢ | ᠪᠠᠷᠢᠮᠲᠠᠯᠠᠵᠤ᠂ ︽ᠭᠤᠷᠪᠠ ᠶᠢ ᠵᠠᠰᠠᠬᠤ ᠶᠢ ᠠᠭᠤᠰᠤᠯᠴᠠᠭᠤᠯᠬᠤ︾ ᠶᠢ ᠪᠠᠷᠢᠮᠲᠠᠯᠠᠵᠤ᠂ ︽ᠲᠦᠷᠪᠡ ᠶᠢ | ᠰᠡᠷᠭᠡᠶᠢᠯᠡᠬᠦ ᠶᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ | ᠪᠠᠷᠢᠮᠲᠠᠯᠠᠨ᠎ᠠ᠃ ᠠᠷᠠᠳ ᠲᠦᠮᠡᠨ ᠤ ᠭᠤᠣᠯ ᠴᠣᠭᠴᠠ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢᠨ ᠭᠤᠤᠯᠯᠠᠭᠴᠢ ᠦᠷᠳᠡᠭ ᠪᠠᠶᠢᠵᠤ᠂ ᠠᠷᠠᠳ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠪᠣᠯ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠦᠷᠳᠡᠭ ᠤᠨ ᠤᠳᠤᠷᠢᠳᠤᠮᠵᠢ ᠪᠠᠶᠢᠵᠤ᠂ | ᠨᠠᠮ ᠤᠨ ᠪᠠᠶᠢᠭᠤᠯᠤᠯᠲᠠ ᠪᠠᠷ ᠭᠥᠳᠥᠯᠥᠨ ᠲᠠᠭᠠᠭᠤᠯᠬᠤ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢᠨ ᠤᠯᠤᠰ ᠲᠦᠷᠦ ᠶᠢᠨ ᠰᠦᠭ ᠰᠦᠨᠡᠰᠦ ᠪᠠᠶᠢᠵᠤ᠂ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢᠨ ᠮᠥᠨ ᠴᠢᠨᠠᠷ ᠤᠨ ᠣᠨᠴᠠᠯᠢᠭ ᠢ ᠲᠤᠰᠬᠠᠵᠡᠢ᠃ ᠠᠷᠭ᠎ᠠ ᠵᠠᠮ ᠤᠨ ᠰᠢᠨ᠎ᠡ ᠶᠢ | ᠡᠭᠦᠳᠬᠦ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠦᠢᠯᠡᠳᠦᠯᠭᠡ ᠶᠢᠨ ᠣᠨᠴᠠ | ᠴᠢᠨᠠᠷ ᠮᠥᠨ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠳᠠᠬᠤᠨ ᠢᠶᠠᠷ ᠵᠠᠰᠠᠬᠤ ︽ᠭᠤᠷᠪᠠᠨ | ᠵᠠᠰᠠᠯᠲᠠ ᠶᠢ ᠠᠭᠤᠰᠤᠯᠴᠠᠭᠤᠯᠬᠤ︾ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ | ᠲᠤᠷᠰᠢᠯᠭ᠎ᠠ︾ ᠶᠢᠨ ᠭᠤᠣᠯ ᠠᠷᠭ᠎ᠠ ᠵᠠᠮ ᠪᠣᠯᠤᠨ᠎ᠠ᠃ ᠬᠥᠮᠦᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ | ᠮᠡᠷᠭᠡᠵᠢᠯ ᠤᠨ ᠰᠡᠷᠭᠡᠶᠢᠯᠡᠯᠳᠡ᠂ ᠰᠡᠳᠬᠢᠯ ᠤᠨ ᠰᠡᠷᠭᠡᠶᠢᠯᠡᠯᠳᠡ ᠵᠡᠷᠭᠡ ︽ᠲᠥᠷᠪᠡᠨ ᠰᠡᠷᠭᠡᠶᠢᠯᠡᠯᠳᠡ ᠶᠢ ᠵᠡᠷᠭᠡ ᠪᠠᠷ | ᠠᠳᠬᠤᠬᠤ︾ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠴᠢᠬᠤᠯᠠ ᠠᠷᠭ᠎ᠠ ᠪᠠᠷᠢᠯ | ᠪᠠᠶᠢᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ | ᠲᠤᠷᠰᠢᠯᠭ᠎ᠠ︾ ᠶᠢᠨ ᠠᠵᠢᠯ ᠤᠨ ᠪᠠᠶᠢᠷᠢᠰᠢᠯ ᠪᠣᠯᠤᠨ᠎ᠠ᠃ | 7. ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠄ ᠬᠤᠷᠠᠯ ᠨᠢ ᠣᠯᠠᠨ᠂ ᠠᠵᠢᠯᠯᠠᠭ᠎ᠠ ᠨᠢ | ᠠᠷᠪᠢᠨ᠂ ᠭᠠᠳᠠᠭᠰᠢ ᠭᠠᠷᠬᠤ ᠨᠢ ᠠᠷᠪᠢᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠨᠢ ᠴᠥᠭᠡᠨ᠂ | ᠠᠵᠢᠯ ᠤᠨ ᠰᠡᠳᠬᠢᠮᠵᠢ ᠨᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠤᠷᠢᠯᠡᠭᠦ ᠨᠢ ᠴᠥᠭᠡᠨ︔ ᠰᠢᠢᠳᠪᠤᠷᠢᠳᠤ | ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ | ᠵᠢᠭᠠᠵᠤ ᠪᠠᠶᠢᠨ᠎ᠠ᠃ | | |