ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︵ ᠶᠢᠨ ᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠠᠯᠠᠱᠠ ᠪᠠᠷᠠᠭᠤᠨ ᠬᠤᠰᠢᠭᠤᠨ ᠤ ᠬᠤᠯᠪᠣᠭᠠᠲᠤ ᠡᠮᠨᠡᠯᠭᠡ ᠶᠢᠨ ᠬᠤᠷᠢᠶ᠎ᠠ︶ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2025/1/6
    2024 ᠣᠨ ᠤ 12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠬᠤᠰᠢᠭᠤ ᠳᠠᠷᠤᠭ᠎ᠠ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ︵ ᠶᠢᠨ ᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠯᠠᠱᠠ ᠪᠠᠷᠠᠭᠤᠨ ᠬᠤᠰᠢᠭᠤᠨ ᠤ ᠬᠤᠯᠪᠣᠭᠠᠲᠤ ᠡᠮᠨᠡᠯᠭᠡ ᠶᠢᠨ ᠬᠤᠷᠢᠶ᠎ᠠ︶ ᠳᠤ ᠬᠦᠷᠴᠦ᠂ ᠬᠤᠰᠢᠭᠤᠨ ᠳᠤ ᠰᠠᠭᠤᠭ᠎ᠠ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠲᠣᠬᠤᠨᠢᠭᠤᠯᠵᠤ᠂ ᠰᠠᠯᠠᠭ᠎ᠠ ᠲᠠᠰᠤᠭ ᠤᠨ ᠪᠠᠶᠢᠭᠤᠯᠤᠯᠲᠠ᠂ ᠪᠠᠭᠠᠵᠢ ᠬᠡᠷᠡᠭᠰᠡᠯ ᠳᠣᠭᠢᠷᠠᠭᠤᠯᠬᠤ᠂ ᠡᠪᠡᠳᠴᠢᠲᠡᠨ ᠢ ᠭᠥᠯᠢᠶᠡᠨ ᠠᠪᠴᠤ ᠡᠮᠨᠡᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠶᠠᠷᠢᠯᠴᠠᠨ ᠰᠣᠯᠢᠯᠴᠠᠪᠠ᠃
1.jpg
    ᠵᠢᠶᠠᠩ ᠪᠢᠩ ᠵᠢᠶᠧ ᠡᠩ ᠲᠡᠷᠢᠭᠦᠨ ᠳᠤ ᠲᠤᠰᠬᠠᠶ ᠮᠡᠷᠭᠡᠵᠢᠯᠲᠡᠨ ᠤ ᠪᠦᠯᠬᠦᠮ ᠤᠨ ᠬᠢᠨ ᠪᠥᠬᠦ ᠬᠤᠰᠢᠭᠤᠨ ᠤ ᠡᠮ ᠡᠮᠨᠡᠯᠭᠡ ᠶᠢᠨ ᠦᠢᠯᠡᠰ   ᠤᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠂ ᠶᠢᠨ ᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠪᠠᠶᠢᠭᠤᠯᠤᠭᠰᠠᠨ ᠠᠴᠠ ᠨᠠᠰᠢ᠂ ᠬᠤᠰᠢᠭᠤᠨ ᠤ ᠡᠯ᠎ᠡ ᠲᠤᠰᠬᠠᠶ ᠮᠡᠷᠭᠡᠵᠢᠯᠲᠡᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠷᠰᠢᠯᠭ᠎ᠠ᠂ ᠮᠡᠷᠭᠡᠵᠢᠯ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠲᠣᠭᠲᠠᠴᠠ ᠶᠢ ᠪᠦᠷᠢᠨᠰᠢᠭᠦᠯᠵᠦ᠂ ᠣᠯᠠᠨ ᠵᠦᠢᠯ ᠤᠨ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠪᠠ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠵᠦ᠂ ᠪᠥᠬᠦ ᠬᠤᠰᠢᠭᠤᠨ ᠤ ᠡᠮ ᠡᠮᠨᠡᠯᠭᠡ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠭᠰᠠᠨ ᠪᠠᠶᠢᠨ᠎ᠠ᠃
2.jpg
    ᠵᠢᠶᠠᠩ ᠪᠢᠩ ᠵᠢᠶᠧ  ᠴᠢᠬᠤᠯᠠᠴᠢᠯᠠᠭᠰᠠᠨ ᠨᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠠᠶᠢᠳᠠᠯ ᠢ ᠠᠰᠢᠭᠯᠠᠨ ᠡᠮᠨᠡᠯᠭᠡ ᠶᠢᠨ ᠬᠤᠷᠢᠶᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ᠂ ᠡᠷᠡᠭᠦᠯ ᠮᠡᠨᠳᠦ ᠶᠢᠨ ᠦᠢᠯᠡᠴᠢᠯᠡᠭᠡ᠂ ᠴᠢᠳᠠᠪᠤᠷᠢᠲᠠᠨ ᠢ ᠬᠥᠮᠦᠵᠢᠭᠦᠯᠬᠦ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠣᠰ ᠪᠡᠶ᠎ᠡ ᠶᠢᠨ ︽ᠴᠢᠰᠤ ᠪᠦᠲᠦᠭᠡᠬᠦ︾ ᠴᠢᠳᠠᠪᠤᠷᠢ ᠪᠠᠨ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ᠃ ᠬᠤᠰᠢᠭᠤᠨ ᠳᠤ ᠰᠠᠭᠤᠭ᠎ᠠ ᠲᠤᠰᠬᠠᠶ ᠮᠡᠷᠭᠡᠵᠢᠯᠲᠡᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠡᠳᠡᠨ ᠢ ᠰᠡᠳᠬᠢᠯ ᠬᠠᠨᠤᠮᠵᠢᠲᠠᠶ ᠠᠵᠢᠯᠯᠠᠭᠤᠯᠵᠤ᠂ ᠰᠠᠨᠠᠭ᠎ᠠ ᠠᠮᠤᠷ ᠠᠮᠢᠳᠤᠷᠠᠭᠤᠯᠵᠤ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠶ᠃ ᠡᠯ᠎ᠡ ᠲᠤᠰᠬᠠᠶ ᠮᠡᠷᠭᠡᠵᠢᠯᠲᠡᠨ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠪᠠ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠣᠲᠣ ᠶᠢᠨ ᠪᠠᠶᠢᠭ᠎ᠠ ᠡᠮᠴᠢᠯᠡᠭᠡᠨ ᠤ ᠡᠬᠢ ᠪᠠᠶᠠᠯᠢᠭ ᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠡᠮᠴᠢᠯᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠦᠨ ᠰᠠᠶᠢᠵᠢᠷᠠᠭᠤᠯᠵᠤ᠂ ᠨᠠᠩ ᠣᠯᠠᠨ ᠠᠨᠠᠭᠠᠬᠤ ᠤᠬᠠᠭᠠᠨ ᠤ ᠴᠢᠳᠠᠪᠤᠷᠢᠲᠠᠨ ᠢ ᠬᠠᠪᠰᠤᠷᠤᠨ ᠬᠥᠮᠦᠵᠢᠭᠦᠯᠵᠦ᠂ ᠪᠥᠬᠦ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠤ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃       
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号