ᠵᠢᠶᠠᠩ ᠪᠢᠩ ᠵᠢᠶᠧ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/2/11
    2 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠢᠶᠠᠩ ᠪᠢᠩ ᠵᠢᠶᠧ ᠤᠷᠢᠳ ᠬᠤᠵᠢᠳ ᠠᠯᠳ᠋ᠬᠤᠪᠤᠭ᠎ᠠ ᠪᠠᠯᠭᠠᠰᠤ᠂ ᠮᠠᠨᠳᠤᠯ ᠰᠤᠮᠤᠨ ᠳᠤ ᠭᠦᠨᠵᠡᠭᠡᠶᠢᠷᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠠᠯᠳ᠋ᠬᠤᠪᠣᠭ᠎ᠠ ᠶᠢᠨ ᠬᠠᠶᠢᠯᠤᠭᠤᠷ ᠵᠣᠩᠰᠢ ᠶᠢᠨ ᠠᠭᠤᠷᠬᠠᠢ ᠳᠤ᠂ ᠵᠢᠶᠠᠩ ᠪᠢᠩ ᠵᠢᠶᠧ ᠲᠤᠬᠠᠢ ᠶᠢᠨ ᠭᠠᠵᠠᠷ  ᠲᠤᠨᠢ ᠠᠭᠤᠷᠬᠠᠢ ᠶᠢᠨ ᠣᠷᠣᠨ ᠤ ᠬᠡᠪᠴᠢᠶ᠎ᠡ ᠶᠢ ᠪᠠᠶᠢᠴᠠᠭᠠᠨ ᠦᠵᠡᠵᠦ᠂ ᠬᠠᠷᠢᠭᠤᠴᠠᠯᠭᠠᠲᠠᠨ ᠪᠣᠯᠤᠨ ᠲᠤᠰᠬᠠᠢ ᠮᠡᠷᠭᠡᠵᠢᠯᠲᠡᠨ ᠤ ᠬᠠᠶᠢᠯᠤᠭᠤᠷ ᠵᠣᠩᠰᠢ ᠶᠢᠨ ᠬᠠᠳᠠᠭᠠᠯᠠᠭᠳᠠᠴᠠ ᠶᠢ ᠬᠠᠶᠢᠨ ᠰᠢᠨᠵᠢᠯᠡᠬᠦ ᠵᠢᠴᠢ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠤᠨᠤᠰᠪᠠ᠃    ᠲᠡᠷᠡ᠂ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠬᠦ ᠪᠣᠯ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠠᠵᠤ ᠠᠬᠤᠶᠢᠯᠠᠯ ᠤᠳ ᠲᠣᠰ ᠪᠡᠶ᠎ᠡ ᠶᠢᠨ ᠡᠬᠢ ᠪᠠᠶᠠᠯᠢᠭ ᠤᠨ ᠨᠥᠬᠦᠴᠡᠯ ᠳᠤ ᠰᠠᠭᠤᠷᠢᠯᠠᠨ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠠᠮᠤᠷ ᠲᠦᠪᠰᠢᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠨᠡᠪᠲᠡᠷᠡᠯᠴᠡᠨ ᠬᠠᠮᠵᠢᠯᠴᠠᠬᠤ ᠪᠠᠨ ᠦᠨᠡᠨᠬᠦ ᠴᠢᠩᠭᠠᠳᠬᠠᠵᠤ᠂ ᠬᠥᠭᠵᠢᠯᠲᠡ ᠶᠢᠨ ᠰᠡᠳᠬᠢᠮᠵᠢ ᠪᠠᠨ ᠪᠥᠬᠦ ᠲᠠᠯ᠎ᠠ ᠪᠠᠷ ᠲᠣᠳᠣᠷᠬᠠᠶᠢᠯᠠᠨ᠂ ᠲᠣᠯᠣᠭᠠᠶᠢᠯᠠᠭᠴᠢ ᠠᠵᠤ ᠠᠬᠤᠶᠢᠯᠠᠯ ᠤᠨ ᠲᠣᠭᠲᠠᠪᠤᠷᠢᠲᠠᠶ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠶᠢᠨ ᠪᠠᠶᠢᠴᠠᠭᠠᠬᠤ ᠠᠷᠭ᠎ᠠ ᠪᠠᠷᠢᠯ ᠪᠠ ᠡᠨᠧᠷᠭᠢ ᠠᠷᠪᠢᠯᠠᠵᠤ ᠮᠠᠯᠲᠠᠬᠤ ᠤᠷ᠎ᠠ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠬᠠᠷᠢᠶ᠎ᠠ ᠰᠤᠮᠤ ᠪᠠᠯᠭᠠᠰᠤ ᠪᠣᠯᠣᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠶᠣᠰᠣᠭᠠᠷ ᠭᠠᠷᠳᠠᠮ  ᠭᠦᠢᠴᠡᠳᠭᠡᠵᠤ᠂ ᠦᠢᠯᠡᠳᠪᠦᠷᠢᠯᠡᠯ ᠤᠨ ᠬᠦᠴᠦᠨ ᠵᠦᠢᠯ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠶ᠃    ᠮᠠᠨᠳᠤᠯ  ᠰᠤᠮᠤᠨ ᠤ ᠱᠠᠯᠠ ᠶᠢᠨ ᠬᠤᠳᠳᠤᠭ ︵板滩井︶ ᠤᠨ ᠭᠠᠵᠠᠷ ᠣᠷᠣᠨ ᠤ ᠬᠥᠮᠦᠨ ᠤ ᠬᠦᠴᠦᠨ ᠤ ᠵᠠᠭ ᠤᠨ ᠣᠶ ᠶᠢᠨ ᠪᠦᠰᠡ ᠳᠤ᠂ ᠵᠢᠶᠠᠩ ᠪᠢᠩ ᠵᠢᠶᠧ ᠲᠤᠬᠠᠶ ᠶᠢᠨ  ᠭᠠᠵᠠᠷ ᠲᠤᠨᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠦᠷᠭᠦᠯᠵᠢᠯᠡᠨ ᠬᠠᠮᠢᠶᠠᠷᠴᠤ ᠬᠠᠮᠠᠭᠠᠯᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠨᠢᠭᠡᠨ ᠣᠷᠳᠣ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠶ ᠦᠢᠯᠡᠰ ᠮᠥᠨ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠪᠣᠬᠢᠷᠲᠤᠯ ᠥᠬᠡᠶ ᠠᠮᠢ ᠠᠬᠤᠶ ᠶᠢᠨ ᠠᠵᠤ  ᠦᠢᠯᠡᠰ ᠢ ᠬᠥᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠰᠢᠨ᠎ᠡ ᠶᠢ ᠡᠭᠦᠳᠦᠨ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠪᠠᠬᠢᠵᠢᠭᠦᠯᠬᠦ ᠬᠡᠷᠡᠭᠲᠡᠶ ᠭᠡᠪᠡ᠃   
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号