2 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ | ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠵᠢᠭᠤᠯᠴᠢᠯᠠᠯ᠂ ᠲᠡᠮᠡᠭᠡᠨ ᠤ ᠠᠵᠤ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ | ᠬᠤᠸᠠᠩ ᠶᠠ ᠯᠢ ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠰᠤᠷᠭᠠᠭᠤᠯᠢ ᠶᠢᠨ | ᠪᠠᠭᠰᠢ ᠶᠢᠨ ᠡᠩᠨᠡᠭᠡ᠂ ᠭᠡᠴᠢᠶᠡᠯ ᠬᠥᠮᠦᠵᠢᠯ ᠵᠢᠭᠠᠨ ᠰᠤᠷᠭᠠᠯᠲᠠ ᠪᠠ ᠰᠤᠷᠭᠠᠭᠤᠯᠢ ᠳᠡᠪᠰᠢᠬᠦ ᠨᠣᠷᠮ᠎ᠠ ᠵᠡᠷᠭᠡ | ᠪᠠᠶᠢᠳᠠᠯ ᠢ ᠯᠠᠪᠯᠠᠨ ᠠᠰᠠᠭᠤᠵᠤ᠂ ᠰᠤᠷᠭᠠᠨ ᠬᠥᠮᠦᠵᠢᠯ ᠢ ᠬᠠᠮᠤᠭ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠭᠠᠬᠤ ᠶᠢ ᠪᠠᠷᠢᠮᠳᠠᠯᠠᠨ᠂ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠰᠡᠳᠬᠢᠯ ᠲᠠᠯᠪᠢᠨ ᠴᠢᠳᠠᠪᠤᠷᠢᠲᠠᠨ ᠡᠯᠰᠡᠵᠦ ᠴᠢᠳᠠᠪᠤᠷᠢᠲᠠᠨ ᠢ ᠲᠠᠳᠠᠨ ᠠᠪᠴᠢᠷᠠᠵᠤ᠂ ᠣᠲᠣ ᠦᠶ᠎ᠡ ᠶᠢᠨ ᠵᠢᠭᠠᠨ | ᠰᠤᠷᠭᠠᠯᠲᠠ ᠶᠢᠨ ᠣᠶᠢᠯᠠᠭᠠᠭᠳᠠᠬᠤᠨ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠬᠦᠴᠦ ᠲᠠᠯᠪᠢᠨ ᠵᠢᠭᠠᠨ | ᠰᠤᠷᠭᠠᠯᠲᠠ ᠶᠢᠨ ᠬᠢᠷᠢ ᠲᠦᠪᠰᠢᠨ ᠪᠠ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠸᠠᠩ ᠶᠠ ᠯᠢ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ᠂ | ᠵᠢᠨᠴᠠᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠭᠰᠠᠨ ᠠᠴᠠ ᠨᠠᠭᠠᠰᠢᠭᠢ | ᠶᠡᠷᠦᠩᠬᠡᠶᠢᠯᠡᠭᠰᠡᠨ ᠬᠠᠮᠢᠶᠠᠷᠤᠯᠲᠠ᠂ ᠣᠨᠣᠰᠢᠯᠠᠨ ᠡᠮᠨᠡᠬᠦ ᠦᠢᠯᠡᠴᠢᠯᠡᠭᠡ ᠵᠢᠴᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠭᠡᠯᠡᠭᠦ ᠳᠡᠭᠡᠨ᠂ ᠡᠪᠡᠳᠴᠢᠨ ᠢᠶᠠᠨ | ᠡᠮᠨᠡᠭᠦᠯᠬᠦ ᠪᠣᠯ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠵᠢᠯ ᠤᠨ ᠨᠢᠭᠡ | ᠪᠣᠯᠤᠨ᠎ᠠ᠂ ᠡᠮ ᠡᠮᠨᠡᠯᠭᠡ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ | ᠪᠦᠰᠡ ᠶᠢᠨ ᠡᠮ ᠡᠮᠨᠡᠯᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠴᠢᠳᠠᠪᠤᠷᠢᠲᠠᠨ ᠲᠠᠳᠠᠨ ᠠᠪᠴᠢᠷᠠᠵᠤ | ᠬᠥᠮᠦᠵᠢᠭᠦᠯᠬᠦ ᠶᠢ ᠴᠢᠩᠭᠠᠳᠬᠠᠵᠤ᠂ ᠲᠤᠰᠬᠠᠢ ᠰᠠᠯᠠᠭᠠᠨ ᠤ ᠪᠠᠶᠢᠭᠤᠯᠤᠯᠲᠠ᠂ ᠠᠯᠤᠰ ᠡᠵᠡᠮᠰᠢᠯᠲᠦ ᠡᠮᠴᠢᠯᠡᠭᠡ᠂ | ᠰᠡᠭᠦᠯᠴᠢ ᠶᠢᠨ ᠬᠤᠭᠤᠴᠠᠭᠠᠨ ᠤ ᠰᠤᠪᠢᠯᠠᠯᠲᠠ ᠵᠡᠷᠭᠡ ᠲᠠᠯ᠎ᠠ ᠪᠠᠷ ᠬᠦᠴᠦ ᠲᠠᠯᠪᠢᠨ᠂ ᠤᠨᠴᠠᠯᠢᠬᠳᠤ ᠣᠨᠣᠰᠢᠯᠠᠨ | ᠡᠮᠴᠢᠯᠡᠭᠦ ᠲᠦᠷᠦᠯ ᠲᠡᠮᠳᠡᠭ ᠢ ᠬᠦᠴᠦᠯᠡᠨ ᠡᠭᠦᠳᠴᠦ᠂ ᠤᠯᠠᠨ ᠲᠦᠮᠡᠨ ᠭᠡᠷ ᠤᠨ ᠡᠭᠦᠳᠡᠨ ᠳᠡᠭᠡᠨ ᠡᠪᠡᠳᠴᠢᠨ ᠢᠶᠠᠨ | ᠡᠮᠨᠡᠭᠦᠯᠵᠦ ᠴᠢᠳᠠᠬᠤ᠂ ᠡᠳᠡᠭᠡᠵᠤ ᠲᠡᠶᠢᠯᠭᠦ ᠪᠣᠯᠭᠠᠬᠤ ᠬᠡᠷᠡᠭᠲᠡᠢ᠃ ᠬᠠᠮᠳᠤᠷᠠᠯᠴᠠᠭᠰᠠᠨ ᠡᠮᠨᠡᠯᠭᠡ ᠶᠢᠨ ᠬᠤᠷᠢᠶᠠᠨ ᠤ | ᠣᠨᠣᠰᠢᠯᠠᠨ ᠡᠮᠨᠡᠬᠦ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨ ᠳᠤ ᠰᠠᠶᠢᠬᠠᠨ ᠦᠢᠯᠡᠴᠢᠯᠡᠭᠡ ᠬᠠᠩᠭᠠᠨ᠂ | ᠲᠡᠳᠡᠨ ᠤ ᠠᠵᠢᠯ ᠠᠮᠢᠳᠤᠷᠠᠯ ᠳᠤ ᠲᠣᠭᠢᠯᠠᠭ ᠲᠠᠭᠠᠯᠠᠮᠵᠢᠲᠠᠢ ᠣᠷᠴᠢᠨ ᠨᠦᠭᠦᠴᠡᠯ ᠬᠠᠩᠭᠠᠬᠤ ᠬᠡᠷᠡᠭᠲᠡᠢ ᠭᠡᠵᠡᠢ᠃ | | | | | | ᠠᠯᠠᠱᠠ ᠪᠠᠷᠠᠭᠤᠨ ᠬᠤᠰᠢᠭᠤᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠭᠠᠲᠤᠷᠴᠤᠳ ᠤᠨ ᠴᠤᠭᠯᠠᠭᠠᠨ ᠤ | ᠬᠤᠷᠠᠯ ᠤᠨ ᠲᠠᠯᠠᠪᠠᠢ ᠳᠤ᠂ ᠬᠤᠸᠠᠩ ᠶᠠ ᠯᠢ ᠴᠢᠬᠤᠯᠠᠴᠢᠯᠠᠭᠰᠠᠨ ᠨᠢ᠂ ᠪᠠᠳᠠᠢ ᠶᠢᠨ ᠵᠢᠷᠠᠨ ᠡᠯᠡᠰᠦ — ᠡᠯᠡᠰᠦᠨ | ᠴᠣᠭᠢᠶᠠ ᠨᠠᠭᠤᠷ ᠪᠦᠷᠢᠳᠦ ᠶᠢᠨ ᠰᠦᠷᠦᠭᠵᠢᠯ ᠢ ᠤᠯᠠᠨ ᠤᠯᠤᠰ ᠤᠨ ᠪᠠᠶᠢᠭᠠᠯᠢ ᠶᠢᠨ ᠥᠪ ᠤᠨ ᠳᠠᠪᠠᠭᠤᠯᠢᠭ ᠢ | ᠦᠷᠭᠡᠵᠢᠭᠦᠯᠦᠨ᠂ ᠳᠡᠯᠡᠬᠡᠢ ᠶᠢᠨ ᠲᠡᠰ ᠤᠨ ᠡᠯᠡᠰᠦᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠬᠦ ᠳᠤ | ᠭᠦᠴᠦ ᠪᠠᠨ ᠲᠥᠪᠯᠡᠷᠡᠭᠦᠯᠵᠦ᠂ ᠦᠵᠡᠮᠵᠢ ᠶᠢᠨ ᠣᠷᠣᠨ ᠤ ᠲᠥᠯᠥᠪᠵᠢᠭᠦᠯᠭᠡ ᠪᠣᠯᠤᠨ ᠡᠵᠡᠩᠨᠡᠯᠲᠡ ᠶᠢᠨ | ᠲᠥᠰᠦᠪᠯᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠯᠡᠰᠦᠨ ᠴᠦᠯ ᠤᠨ ᠵᠢᠭᠤᠯᠴᠢᠯᠠᠯ ᠤᠨ ᠵᠠᠮ ᠱᠤᠭᠤᠮ ᠢ ᠨᠠᠷᠢᠨ | ᠨᠢᠮᠪᠠᠢ ᠲᠦᠯᠦᠪᠵᠢᠭᠦᠯᠦᠨ᠂ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠰᠢᠷᠢᠰ ᠤᠷᠤᠯᠳᠤᠭᠠᠨ ᠤ ᠠᠵᠢᠯᠯᠠᠭ᠎ᠠ ᠶᠢ | ᠴᠢᠨᠠᠷ ᠰᠠᠶᠢᠲᠠᠢ ᠡᠷᠬᠢᠯᠡᠵᠦ᠂ ᠤᠨᠴᠠᠯᠢᠬᠳᠤ ︽ᠡᠯᠡᠰᠦᠨ ᠴᠦᠯ ᠤᠨ ᠤᠷᠤᠯᠳᠤᠭᠠᠨ ᠤ ᠵᠢᠵᠢᠭ ᠪᠠᠯᠭᠠᠰᠤ︾ ᠶᠢ | ᠰᠠᠶᠢᠲᠤᠷ ᠴᠣᠭᠴᠠᠯᠠᠨ᠂ ᠪᠠᠳᠠᠢ ᠶᠢᠨ ᠵᠢᠷᠠᠨ ᠤ ᠡᠯᠡᠰᠦᠨ ᠴᠦᠯ ᠤᠨ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ | ᠬᠡᠷᠡᠭᠲᠡᠢ ᠭᠡᠪᠡ᠃ | ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠪᠣᠯ ᠠᠶᠢᠮᠠᠭ ᠤᠨ ᠲᠠᠰ ᠤᠨ | ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠃ ᠬᠤᠸᠠᠩ ᠶᠠ ᠯᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠤᠯᠭᠦᠢ ᠦᠢᠯᠡᠳᠪᠦᠷᠢᠯᠡᠯ ᠢ | ᠴᠢᠬᠤᠯᠠᠴᠢᠯᠠᠨ᠂ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ ᠲᠦᠷᠭᠡᠨ ᠠᠵᠢᠯᠯᠠᠵᠤ᠂ ᠢᠨᠵᠧᠨᠧᠷᠢᠩ ᠤᠨ | ᠲᠣᠭᠲᠠᠭᠰᠠᠨ ᠬᠤᠭᠤᠴᠠᠭᠠᠨ ᠳᠤᠨᠢ ᠴᠢᠨᠠᠷᠯᠢᠭ ᠢᠶᠠᠷ ᠪᠡᠶᠡᠯᠡᠭᠦᠯᠭᠦ ᠶᠢ ᠪᠠᠲᠤᠯᠠᠬᠤ ᠬᠡᠷᠡᠭᠲᠡᠢ᠃ ᠲᠡᠮᠡᠭᠡᠨ ᠤ ᠠᠵᠤ | ᠦᠢᠯᠡᠰ ᠤᠨ ᠬᠦᠷᠢᠶᠡᠯᠡᠩ ᠤᠨ ᠨᠢᠭᠡᠳᠭᠡᠨ ᠲᠥᠪᠯᠡᠷᠡᠭᠦᠯᠦᠭᠰᠡᠨ ᠳᠠᠪᠠᠭᠤᠯᠢᠭ ᠲᠤ ᠲᠦᠰᠢᠭᠯᠡᠨ᠂ ᠰᠦ ᠶᠢᠨ | ᠦᠢᠯᠡᠰ ᠤᠨ ᠬᠥᠲᠥᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ | ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠂ ᠪᠥᠬᠦ ᠠᠵᠤ ᠦᠢᠯᠡᠰ ᠤᠨ ᠭᠡᠯᠭᠢᠶᠡᠵᠢᠯ ᠤᠨ | ᠬᠥᠭᠵᠢᠯᠲᠡ ᠶᠢᠨ ᠲᠠᠯ᠎ᠠ ᠪᠠᠷ ᠬᠦᠴᠦ ᠣᠷᠣᠭᠤᠯᠵᠤ᠂ ᠶᠠᠰᠤ ᠴᠢᠨᠠᠷ ᠤᠨ ᠪᠠᠲᠤᠯᠠᠭ᠎ᠠ᠂ ᠨᠠᠷᠢᠯᠢᠭ ᠭᠦᠨᠵᠡᠭᠡᠶ | ᠡᠳ᠋ᠰᠢᠭᠦᠯᠬᠦ᠂ ᠪᠠᠷᠢᠮᠵᠢᠶᠠᠯᠠᠭᠰᠠᠨ ᠪᠠᠶᠢᠭᠤᠯᠤᠯᠲᠠ ᠳᠡᠭᠡᠷ᠎ᠡ ᠬᠦᠴᠦ ᠲᠠᠯᠪᠢᠨ᠂ ᠲᠡᠮᠡᠭᠡᠨ ᠤ ᠠᠵᠤ ᠦᠢᠯᠡᠰ ᠢ ᠪᠥᠬᠦ | ᠬᠦᠴᠦᠨ ᠢᠶᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠠᠷᠢᠯᠢᠭᠵᠢᠭᠤᠯᠵᠤ ᠰᠢᠯᠢᠳᠡᠭᠵᠢᠭᠦᠯᠦᠨ᠂ ︽ | ᠳᠤᠮᠳᠠᠳᠤ ᠤᠯᠤᠰ ᠤᠨ ᠢᠩᠭᠡᠨ ᠰᠦ ᠶᠢᠨ ᠨᠤᠲᠤᠭ︾ ᠤᠨ ᠠᠯᠳᠡᠷ ᠴᠤᠯᠠ ᠶᠢ ᠮᠠᠨᠳᠤᠭᠤᠯᠬᠤ ᠬᠡᠷᠡᠭᠲᠡᠶ ᠭᠡᠪᠡ᠃ | | | | | ᠸᠧᠢ ᡁᠢ ᠭᠦᠸᠧ᠂ ᠯᠢᠦ ᠳ᠋ᠧ ᠣᠷᠣᠯᠴᠠᠵᠠᠢ᠃ | |