ᠤᠯᠠᠭᠠᠨ ᠵᠠᠭᠠᠯᠮᠠᠢᠳᠠᠨ ᠤ ᠨᠡᠢᠭᠡᠮᠯᠢᠭ ᠬᠠᠶᠢᠷ᠎ᠠ ᠬᠠᠯᠠᠮᠵᠢ ᠳᠠᠮᠵᠢᠭᠤᠯᠪᠠ
ᠨᠡᠶᠢᠲᠡᠯᠡᠭᠰᠡᠨ ᠴᠠᠭ᠄
2025/2/13
    ᠠᠯᠠᠱᠠ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2 ᠰᠠᠷ᠎ᠠ ᠶᠢᠨ 11  ᠤ ᠡᠳᠦᠷ ᠪᠠᠳᠠᠢ ᠶᠢᠨ ᠵᠢᠷᠠᠨ ᠪᠠᠯᠭᠠᠰᠤᠨ ᠳᠤ ᠲᠦᠷᠭᠡᠨ ᠠᠪᠤᠷᠠᠯᠳᠠ ᠶᠢᠨ ᠲᠡᠷᠭᠡ ᠬᠠᠨᠳᠢᠪᠯᠠᠬᠤ ᠶᠣᠰᠣᠯᠠᠯ ᠶᠠᠪᠤᠭᠤᠯᠪᠠ᠃ ᠳᠡᠳ᠋  ᠬᠤᠰᠢᠭᠤ ᠳᠠᠷᠤᠭ᠎ᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠤᠳᠬᠤᠨᠴᠢᠮᠡᠭ᠂ ᠳᠡᠳ᠋ ᠬᠤᠰᠢᠭᠤ ᠳᠠᠷᠤᠭ᠎ᠠ ᠫᠠᠨ ᠰᠢᠶᠤᠤ ᠢᠦᠶ ᠬᠠᠨᠳᠢᠪᠯᠠᠬᠤ ᠶᠣᠰᠣᠯᠠᠯ ᠳᠤ ᠣᠷᠣᠯᠴᠠᠪᠠ᠃
b17f088762ba475c945ffb47d8e9e2b2.jpg
    ᠲᠣᠰ ᠤᠳᠠᠭᠠᠨ ᠤ ᠬᠠᠨᠳᠢᠪᠯᠠᠬᠤ ᠠᠵᠢᠯᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠮᠧᠩ ᠨᠢᠤ ᠰᠦ  ᠶᠢᠨ ᠦᠢᠯᠡᠰ ᠲᠠᠢ ᠬᠠᠮᠲᠤᠷᠠᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ  ᠨᠢᠭᠡ ᠲᠦᠷᠭᠡᠨ ᠠᠪᠤᠷᠠᠯᠳᠠ ᠶᠢᠨ ᠲᠡᠷᠭᠡ ᠬᠠᠨᠳᠢᠪᠯᠠᠪᠠ᠃ ᠬᠠᠨᠳᠢᠪᠯᠠᠭᠰᠠᠨ ᠲᠦᠷᠭᠡᠨ ᠠᠪᠤᠷᠠᠯᠳᠠ ᠶᠢᠨ ᠲᠡᠷᠭᠡ ᠨᠢ ᠠᠯᠠᠱᠠ ᠪᠠᠷᠠᠭᠤᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠥᠬᠦᠭᠡᠷᠦᠮᠵᠢ ᠶᠢᠨ ᠨᠥᠬᠦᠪᠥᠷᠢ ᠪᠣᠯᠬᠤ ᠪᠠᠷ ᠪᠠᠷᠠᠬᠤ ᠥᠬᠡᠶ᠂  ᠮᠦᠨᠴᠦ ᠲᠤᠬᠠᠶ ᠶᠢᠨ ᠭᠠᠵᠠᠷ ᠤᠨ ᠡᠮᠴᠢᠯᠡᠭᠡᠨ ᠤ ᠲᠦᠷᠭᠡᠨ ᠠᠪᠤᠷᠠᠯᠳᠠ ᠶᠢᠨ ᠰᠢᠰᠲ᠋ᠧᠮ ᠤᠨ ᠪᠠᠶᠢᠭᠤᠯᠤᠯᠲᠠ ᠳᠤ ᠬᠦᠴᠦᠲᠡᠶ ᠲᠦᠯᠬᠢᠴᠡ ᠪᠣᠯᠵᠣ᠂ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠠᠯᠠᠱᠠ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠪᠠᠢ ᠱᠧᠩ ᠮᠢᠩ :《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠣᠯᠤᠨ ᠮᠧᠩ ᠨᠢᠤ ᠰᠦ ᠶᠢᠨ ᠦᠢᠯᠡᠰ ᠤᠨ ᠠᠯᠠᠱᠠ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠳᠠᠨ ᠤ ᠠᠵᠢᠯ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠪᠢᠳᠠ ᠬᠠᠨᠳᠢᠪᠯᠠᠬᠤ ᠵᠥᠪᠯᠡᠯᠴᠡᠭᠡᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠨᠳᠢᠪᠯᠠᠬᠤ ᠲᠡᠷᠭᠡ ᠶᠢ ᠰᠠᠶᠢᠲᠤᠷ ᠬᠡᠷᠡᠭᠯᠡᠨ᠎ᠡ》ᠭᠡᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号