ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 38 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
     2 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠣᠰᠢᠭᠣ ᠳᠠᠷᠤᠭ᠎ᠠ ᠵᠢᠶᠠᠩ ᠪᠢᠩ ᠵᠢᠶᠧ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 38 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
2.jpg
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠵᠢᠴᠢ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ  ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠴᠢ ᠵᠣᠷᠢᠭ ᠢᠶᠠᠨᠭᠦᠪᠴᠢᠯᠡᠨ᠂ ︽ᠵᠢᠷᠭᠤᠭᠠᠨ ᠠᠵᠢᠯᠯᠠᠭ᠎ᠠ︾ ᠶᠢ ᠰᠢᠨ᠎ᠡ ᠶᠢ ᠡᠭᠦᠳᠦᠨ ᠠᠬᠢᠭᠤᠯᠬᠤ ᠲᠠᠢ ᠨᠢᠭᠲᠠ ᠤᠶᠠᠯᠳᠤᠭᠤᠯᠵᠤ᠂ ︽157︾ ᠶᠢᠨ ᠬᠥᠭᠵᠢᠯᠲᠡ ᠶᠢᠨ ᠰᠡᠳᠬᠢᠴᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠲᠠᠪᠤᠨ ᠠᠯᠠᠱᠠ ᠪᠠᠷᠠᠭᠤᠨ ᠬᠤᠰᠢᠭᠤ︾ ᠶᠢᠨ ᠶᠡᠷᠦᠩᠬᠡᠢ ᠬᠠᠷᠠᠯᠲᠠ ᠪᠣᠯᠤᠨ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭ᠎ᠠ᠂ ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ︽ᠰᠠᠶᠢᠨ ᠡᠬᠢᠯᠡᠯᠲᠡ︾᠂ ︽ᠪᠦᠬᠦ ᠵᠢᠯ ᠳᠤ ᠠᠮᠵᠢᠯᠲᠠ ᠣᠯᠬᠤ︾ ᠶᠢ ᠪᠡᠶᠡᠯᠡᠭᠦᠯᠬᠦ ᠪᠡᠷ ᠴᠢᠷᠮᠠᠢᠨ ᠲᠡᠮᠡᠴᠡᠭᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠦᠨᠳᠦᠰᠦᠨ ᠱᠠᠲᠤᠨ ᠤ ᠭᠠᠯ ᠰᠡᠷᠭᠡᠢᠯᠡᠵᠦ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠠᠪᠤᠳᠠᠯ ᠢ ᠰᠤᠳᠤᠯᠵᠤ᠂ ︽ᠨᠢᠭᠡ ᠠᠩᠭᠢ ᠨᠢᠭᠡ ᠲᠥᠪ︾ ᠤᠨ ᠪᠠᠶᠢᠭᠤᠯᠤᠯᠲᠠ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠨ᠂ ᠳᠤᠲᠠᠭᠤᠳᠠᠯ ᠵᠶ᠋ᠠᠨ‌‍ᠪᠥ᠋ᠬᠦ ᠬᠦᠴᠦᠨ ᠢᠶᠠᠷ ᠢᠶᠠᠨ ᠨᠦᠭᠦᠪᠦᠷᠢᠯᠡᠨ ᠲᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠯ ᠰᠡᠷᠭᠡᠢᠯᠡᠵᠦ ᠭᠠᠯ ᠤᠨᠲᠠᠷᠠᠭᠠᠬᠤ ᠡᠩᠨᠡᠭᠡ ᠶᠢ ᠤᠯᠠᠮ ᠨᠢᠭᠡ ᠠᠯᠬᠤᠮ ᠪᠠᠶᠢᠭᠤᠯᠤᠨ ᠬᠦᠴᠦᠷᠬᠡᠭᠵᠢᠭᠦᠯᠵᠦ᠂ ᠡᠳ᠋ ᠪᠣᠳᠠᠰ ᠤᠨ ᠨᠥᠭᠡᠴᠡᠯᠡᠯᠲᠡ ᠶᠢ ᠲᠡᠭᠦᠯᠳᠡᠷᠵᠢᠭᠦᠯᠦᠨ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠂ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠭᠡᠷᠡᠭᠯᠡᠭᠦ᠂ ᠦᠨᠳᠦᠰᠦᠨ ᠱᠠᠲᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠣᠯᠤᠨ ᠭᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号