ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ | ᠣᠯᠠᠨ ᠤ ᠦᠨᠳᠦᠰᠦᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠠᠯᠠᠱᠠ ᠪᠠᠷᠠᠭᠤᠨ | ᠬᠤᠰᠢᠭᠤᠨ ᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠢᠳᠡᠪᠬᠢᠲᠡᠶ ᠠᠬᠢᠭᠤᠯᠵᠤ | ᠂ ᠪᠥᠬᠦ ᠬᠤᠰᠢᠭᠤᠨ ᠤ ᠵᠠᠯᠭᠠᠨ ᠣᠷᠣᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠲᠤ 100 ᠢᠵᠢ ᠠᠴᠠ ᠳᠣᠤᠷ᠎ᠠ ᠥᠬᠡᠶ ᠤᠲᠠᠰᠤᠲᠤ ᠲᠧᠯᠸᠢᠰ ᠤᠨ ᠫᠷᠤᠭ᠍ᠷᠠᠮ ᠪᠠ ᠲᠧᠯᠸᠢᠰ ᠤᠨ ᠫᠷᠤᠭ᠍ᠷᠠᠮ ᠢ | ᠳᠠᠮᠵᠢᠭᠤᠯᠬᠤ ᠳᠤ ᠬᠡᠷᠡᠭᠰᠡᠬᠦ ᠰᠠᠭᠤᠷᠢ ᠥᠷᠭᠡᠨ ᠪᠦᠰᠡ ᠶᠢᠨ ᠦᠢᠯᠡᠴᠢᠯᠡᠭᠡ ᠶᠢ ᠦᠨ᠎ᠡ ᠲᠥᠯᠥᠪᠦᠷᠢ ᠥᠬᠡᠶ ᠪᠠᠷ | ᠬᠠᠩᠭᠠᠪᠠ᠃ | | | | | ᠪᠠᠳᠠᠢ ᠶᠢᠨ ᠵᠢᠷᠠᠨ ᠪᠠᠯᠭᠠᠰᠤᠨ ᠤ ᠯᠢ ᠰᠢᠤ ᠬᠤᠸᠠ ᠨᠠᠰᠤᠲᠠᠨ ᠤ ᠭᠡᠷ ᠲᠤ᠂ ᠳᠤᠮᠳᠠᠳᠤ ᠤᠯᠤᠰ ᠤᠨ ᠷᠠᠳᠢᠣ᠋ | ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠠᠯᠠᠱᠠ ᠪᠠᠷᠠᠭᠤᠨ ᠬᠤᠰᠢᠭᠤᠨ ᠤ | ᠬᠤᠪᠢᠶᠠᠷᠢ ᠺᠣᠮᠫᠠᠨᠢ ᠶᠢᠨ ᠠᠵᠢᠯᠲᠠᠳ ᠨᠠᠰᠤᠲᠠᠨ ᠳᠤ ᠤᠲᠠᠰᠤᠲᠤ ᠲᠧᠯᠸᠢᠰ ᠲᠤᠬᠢᠷᠠᠭᠤᠯᠤᠨ ᠥᠭᠴᠦ ᠪᠠᠶᠢᠯ᠎ᠠ᠃ | ᠲᠠᠪᠤᠨ ᠮᠢᠨᠦ᠋ᠲ ᠪᠣᠯᠤᠭᠰᠠᠨ ᠦᠭᠡᠢ ᠪᠠᠷ ᠵᠠᠭᠤ ᠭᠠᠷᠤᠶ ᠲᠧᠯᠸᠢᠰ ᠫᠷᠤᠭ᠍ᠷᠠᠮ ᠢ ᠡᠷᠢᠵᠦ ᠭᠠᠷᠭᠠᠪᠠ᠃ ᠨᠠᠰᠤᠲᠠᠨ | ᠠᠯᠤᠰ ᠡᠵᠡᠮᠰᠢᠭᠦᠷ ᠢᠶᠠᠨ ᠪᠠᠷᠢᠭᠠᠳ ᠪᠠᠶᠠᠷ ᠬᠥᠷ ᠲᠠᠢ ᠪᠠᠷ ᠲᠧᠯᠸᠢᠰ ᠫᠷᠤᠭ᠍ᠷᠠᠮ ᠢᠶᠠᠨ ᠰᠣᠯᠢᠵᠤ᠂ ᠨᠢᠭᠤᠷ | ᠳᠡᠭᠡᠷ᠎ᠡ ᠨᠢ ᠪᠠᠶᠠᠷ ᠤᠨ ᠢᠨᠢᠶᠡᠮᠰᠦᠭᠯᠡᠯ ᠪᠢᠯᠬᠠᠨ᠎ᠠ᠃ | | | | | ᠪᠠᠳᠠᠢ ᠶᠢᠨ ᠵᠢᠷᠠᠨ ᠪᠠᠯᠭᠠᠰᠤᠨ ᠤ ᠰᠠᠭᠤᠭᠠᠯᠢ ᠠᠷᠠᠳ ᠯᠢ ᠰᠢᠤ ᠬᠤᠸᠠ᠄ ︽ᠤᠳᠤ ᠶᠢᠨ ᠲᠦᠷᠦ ᠶᠢᠨ | ᠪᠤᠳᠤᠯᠭ᠎ᠠ ᠦᠨᠡᠬᠡᠷ ᠰᠠᠶᠢᠨ᠂ ᠦᠢᠯᠡᠴᠢᠯᠡᠭᠡ ᠴᠦ ᠪᠦᠷᠢᠨ ᠭᠦᠢᠴᠡᠳ᠂ ᠥᠩᠭᠡᠷᠡᠭᠰᠡᠨ ᠳᠤ ᠤᠲᠠᠰᠤᠲᠤ ᠲᠧᠯᠸᠢᠰ ᠢ | ᠦᠵᠡᠬᠦ ᠳᠤ ᠰᠠᠷ᠎ᠠ ᠪᠦᠷᠢ ᠴᠥᠮ ᠰᠦᠢᠳᠬᠡᠯ ᠲᠤᠰᠢᠶᠠᠨ᠎ᠠ᠂ ᠤᠳᠤ ᠰᠦᠢᠳᠬᠡᠯ ᠲᠤᠰᠢᠶᠠᠬᠤ ᠬᠡᠷᠡᠭ ᠦᠭᠡᠢ ᠪᠣᠯᠵᠠᠢ᠂ | ᠲᠡᠳᠡ ᠨᠠᠳᠠ ᠳᠤ ᠬᠠᠪᠰᠤᠷᠤᠨ ᠤᠭᠰᠠᠷᠠᠵᠤ ᠦᠭᠭᠦᠭᠰᠡᠨ ᠦᠢᠯᠡᠴᠢᠯᠡᠬᠦ ᠣᠪᠣᠷ ᠨᠢ ᠴᠦ ᠮᠠᠰᠢ ᠰᠠᠶᠢᠨ ᠪᠠᠶᠢᠨ᠎ᠠ︾ | ᠭᠡᠪᠡ᠃ | | | | | ᠲᠣᠰ ᠤᠳᠠᠭ᠎ᠠ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠨᠠᠩ ᠰᠠᠶᠢᠲᠤᠷ | ᠪᠡᠶᠡᠯᠡᠭᠦᠯᠵᠦ᠂ ᠠᠷᠠᠳ ᠣᠯᠠᠨ᠂ ᠢᠯᠠᠩᠭᠤᠶ᠎ᠠ ᠪᠤᠶᠢᠳᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠴᠢᠳ | ᠠᠯᠠᠱᠠ ᠠᠶᠢᠮᠠᠭ᠂ ᠠᠯᠠᠱᠠ ᠪᠠᠷᠠᠭᠤᠨ ᠬᠤᠰᠢᠭᠤ ᠬᠤᠶᠠᠷ ᠱᠠᠲᠤᠨ ᠤ ᠲᠣᠰ ᠭᠠᠵᠠᠷ ᠤᠨ ᠲᠧᠯᠸᠢᠰ ᠤᠨ ᠫᠷᠤᠭ᠍ᠷᠠᠮ ᠪᠠ | ᠷᠠᠳᠢᠣ᠋ ᠨᠡᠪᠲᠡᠷᠡᠭᠦᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠥᠯᠢᠶᠡᠨ ᠠᠪᠴᠤ ᠰᠣᠨᠣᠰᠬᠤ ᠶᠢᠨ ᠠᠷᠭ᠎ᠠ ᠥᠬᠡᠶ ᠪᠠᠶᠢᠬᠤ | ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠪᠠᠰᠠ ᠵᠠᠰᠠᠭ ᠤᠨ ᠣᠷᠳᠣᠨ ᠠᠴᠠ ᠨᠥᠬᠦᠪᠥᠷᠢ ᠥᠭᠬᠦ᠂ | ᠠᠵᠤ ᠠᠬᠤᠶᠢᠯᠠᠯ ᠠᠴᠠ ᠬᠤᠪᠢᠶᠠᠨ ᠡᠭᠦᠷᠭᠡᠯᠡᠬᠦ᠂ ᠬᠡᠷᠡᠭᠯᠡᠭᠴᠢᠳ ᠠᠰᠢᠭ ᠭᠥᠷᠳᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠬᠡᠷᠡᠭᠯᠡᠭᠴᠢᠳ ᠤᠲᠠᠰᠤᠲᠤ ᠲᠧᠯᠸᠢᠰ ᠢ ᠭᠥᠯᠢᠶᠡᠨ ᠠᠪᠴᠤ ᠦᠵᠡᠬᠦ ᠳᠤ ᠨᠥᠬᠦᠪᠥᠷᠢ ᠥᠭᠴᠦ᠂ | ᠠᠷᠠᠳ ᠣᠯᠠᠨ ᠳᠤ ᠰᠦᠢᠳᠭᠡᠯ ᠬᠤᠷᠢᠶᠠᠬᠤ ᠥᠬᠡᠶ ᠪᠠᠷ ᠲᠡᠩᠴᠡᠭᠦᠷᠢᠲᠡᠶ᠂ ᠠᠳᠠᠯᠢ ᠲᠡᠭᠰᠢ ᠤᠲᠠᠰᠤᠲᠤ ᠲᠧᠯᠸᠢᠰ ᠤᠨ | ᠣᠯᠠᠨ ᠨᠡᠶᠢᠲᠡ ᠶᠢᠨ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃ | | | | | ︽ᠣᠳᠣᠬᠠᠨ ᠳᠤ ᠲᠣᠰ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠠᠵᠢᠯ ᠤᠷᠤᠭᠰᠢᠲᠠᠶ ᠶᠠᠪᠤᠭᠳᠠᠵᠤ᠂ | 2400 ᠭᠠᠷᠤᠶ ᠰᠠᠭᠤᠭᠠᠯᠢ ᠠᠷᠠᠳ ᠰᠦᠢᠳᠭᠡᠯ ᠬᠤᠷᠢᠶᠠᠬᠤ ᠥᠬᠡᠶ ᠤᠲᠠᠰᠤᠲᠤ ᠲᠧᠯᠸᠢᠰ ᠢ ᠡᠳ᠋ᠯᠡᠵᠦ ᠪᠠᠶᠢᠨ᠎ᠠ᠃ | ᠵᠠᠯᠭᠠᠭᠠᠳ 2 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ 3000 ᠡᠷᠦᠬᠡ ᠳᠤ ᠬᠦᠷᠴᠦ᠂ ᠵᠢᠯ ᠤᠨ ᠡᠴᠦᠰ ᠠᠴᠠ | ᠡᠮᠦᠨ᠎ᠡ᠂ 3500 ᠬᠤᠲᠠ ᠪᠠᠯᠭᠠᠰᠤ᠂ ᠮᠠᠯᠵᠢᠬᠤ ᠣᠷᠣᠨ ᠤ ᠰᠠᠭᠤᠭᠠᠯᠢ ᠠᠷᠠᠳ ᠤᠲᠠᠰᠤᠲᠤ ᠲᠧᠯᠸᠢᠰ ᠬᠡᠷᠡᠭᠯᠡᠬᠦ | ᠪᠣᠯᠤᠨ᠎ᠠ︾ ᠭᠡᠵᠦ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ ᠤᠨ ᠳᠡᠳ᠋ ᠳᠠᠷᠤᠭ᠎ᠠ᠂ ᠳᠡᠳ᠋ ᠲᠤᠪᠴᠢᠶᠠᠨ ᠳᠠᠷᠤᠭ᠎ᠠ ᠶᠦᠩ ᠷᠦᠩ | ᠬᠡᠯᠡᠵᠡᠶ᠃ | |