ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠠᠶᠠᠨᠭᠤᠣᠯ ᠰᠤᠮᠤᠨ ᠳᠤ ᠬᠦᠷᠴᠦ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/28
     2 ᠰᠠᠷ᠎ᠠ ᠶᠢᠨ 27 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠱᠢ ᠱᠧ ᠪᠠᠶᠠᠨᠭᠤᠤᠯ ᠰᠤᠮᠤᠨ ᠳᠤ ᠬᠦᠷᠴᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠰᠤᠮᠤᠨ ᠤ ᠬᠡᠰᠡᠭ ᠭᠠᠴᠠᠭᠠᠨ ᠤ ᠱᠦᠵᠢ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠤᠨ ᠪᠠᠷᠢᠯᠭ᠎ᠠ ᠶᠢᠨ ᠠᠩᠭᠢ ᠶᠢᠨ ᠲᠦᠯᠦᠭᠡᠯᠡᠭᠴᠢ ᠵᠢᠴᠢ ᠲᠠᠷᠢᠮᠠᠯ ᠤᠨ ᠠᠵᠤ ᠠᠬᠤᠶᠢᠯᠠᠯ᠂ ᠲᠣᠮᠣ ᠡᠷᠦᠬᠡ ᠶᠢᠨ ᠲᠦᠯᠦᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃
2.jpg
    ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠤᠮᠤᠨ ᠤ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠮᠡᠳᠡᠭᠦᠯᠦᠯᠲᠡ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠭᠰᠠᠨ ᠪᠥᠭᠡᠳ ᠲᠥᠷᠥᠯ ᠵᠦᠢᠯ ᠳᠤ ᠬᠡᠷᠬᠢᠨ ᠢᠳᠡᠪᠬᠢᠲᠡᠶ ᠣᠷᠣᠯᠴᠠᠬᠤ ᠵᠢᠴᠢ ᠣᠷᠣᠯᠴᠠᠬᠤ ᠠᠷᠭ᠎ᠠ ᠬᠡᠯᠪᠡᠷᠢ ᠶᠢᠨ ᠲᠤᠬᠠᠶ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠡᠭᠦᠨ ᠤ ᠬᠠᠮᠲᠤ᠂ ᠴᠧᠨ ᠵᠢᠶᠠ ᠵᠢᠩ ᠤᠰᠤᠯᠠᠯᠲᠠ ᠶᠢᠨ ᠣᠷᠣᠨ ᠤ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢᠨ ᠠᠬᠢᠴᠠ ᠶᠢᠨ ᠪᠠᠶᠢᠳᠠᠯ ᠳᠤ ᠴᠢᠭᠯᠡᠭᠦᠯᠦᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠭᠦᠨᠵᠡᠭᠡᠢ ᠰᠤᠳᠤᠯᠤᠨ ᠶᠠᠷᠢᠯᠴᠠᠬᠤ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠰᠢᠰᠲ᠋ᠧᠮ ᠲᠠᠢ ᠵᠠᠰᠠᠵᠤ᠂ ︽ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠶᠡᠷᠦᠩᠬᠡᠶ ᠬᠡᠮᠵᠢᠶ᠎ᠡ ᠶᠢ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ︾ ᠦᠨᠳᠦᠰᠦᠨ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠤᠯᠠᠮ ᠴᠢᠨᠠᠭᠰᠢᠳᠠ ᠰᠢᠯᠢᠳᠡᠭᠵᠢᠭᠦᠯᠦᠨ ᠲᠣᠬᠢᠷᠠᠭᠤᠯᠬᠤ ᠬᠡᠷᠡᠭᠲᠡᠶ᠃
3.jpg
    ᠲᠠᠷᠠᠭᠠᠴᠢ ᠶᠢᠨ ᠠᠯᠬᠤᠮ ᠳᠤ᠂ ᠪᠠᠶᠠᠨᠭᠤᠣᠯ ᠰᠤᠮᠤ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠵᠦ᠂ ᠬᠠᠨᠳᠤᠯᠭᠠᠲᠤ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠮᠢ ᠠᠬᠤᠶ ᠶᠢᠨ ᠬᠠᠮᠠᠭᠠᠯᠠᠯᠲᠠ ᠪᠠ ᠲᠠᠷᠢᠶᠠᠯᠠᠩ ᠤᠨ ᠬᠥᠭᠵᠢᠯᠲᠡ ᠶᠢᠨ ᠬᠤᠤᠰ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠲᠠᠷᠢᠶᠠᠯᠠᠩ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠴᠢᠷᠮᠠᠶᠢᠨ ᠠᠬᠢᠭᠤᠯᠵᠤ᠂ ᠪᠣᠬᠢᠷᠲᠤᠯ ᠥᠬᠡᠶ᠂ ᠡᠶ᠎ᠡ ᠵᠣᠬᠢᠴᠠᠩᠭᠤᠶ᠂ ᠣᠷᠣᠰᠢᠨ ᠰᠠᠭᠤᠬᠤ ᠳᠤ ᠲᠣᠬᠢᠷᠠᠮᠵᠢᠲᠠᠶ ᠰᠤᠮᠤ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃      
 
ᠢᠷᠡᠯᠲᠡ᠄ ᠠᠯᠠᠱᠨ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号