3 ᠰᠠᠷ᠎ᠠ ᠶᠢᠨ 7 ᠤ ᠡᠳᠦᠷ᠂ ᠠᠯᠠᠱᠠ ᠪᠠᠷᠠᠭᠤᠨ ᠬᠤᠰᠢᠭᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠣ ᠳᠡᠳ᠋ ᠳᠠᠷᠤᠭ᠎ᠠ ᠵᠢᠶᠠᠩ ᠪᠢᠩ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠤᠰᠬᠠᠶ ᠲᠥᠰᠦᠯ ᠤᠨ ᠭᠤᠤᠯ ᠠᠭᠤᠯᠭ᠎ᠠ ᠶᠢ ᠵᠠᠷᠯᠠᠨ ᠮᠡᠳᠡᠭᠳᠡᠵᠦ᠂ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠵᠢᠯ ᠤᠨ ᠴᠢᠬᠤᠯᠠ ᠴᠢᠨᠠᠷ᠂ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠰᠣᠨᠣᠷ | ᠰᠡᠷᠡᠮᠵᠢ ᠲᠠᠢ ᠪᠠᠶᠢᠵᠤ᠂ ᠦᠵᠡᠯ ᠰᠠᠨᠠᠭᠠᠨ ᠤ ᠬᠥᠪᠴᠢ ᠪᠠᠨ ᠴᠢᠩᠭᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠳᠠᠭᠠᠬᠤ ᠲᠣᠭᠲᠠᠴᠠ ᠶᠢ ᠤᠯᠠᠮ ᠨᠢᠭᠡ | ᠠᠯᠬᠤᠮ ᠳᠥᠭᠦᠮᠴᠢᠯᠡᠵᠦ᠂ ᠵᠢᠯᠣᠭᠤᠳᠬᠤ ᠶᠠᠪᠤᠴᠠ ᠶᠢ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯᠲᠠᠨ᠂ ᠡᠳ᠋ ᠪᠣᠳᠠᠰ᠂ ᠲᠥᠬᠦᠭᠡᠷᠦᠮᠵᠢ᠂ ᠲᠠᠯᠠᠪᠤᠷ ᠭᠠᠵᠠᠷ | ᠵᠡᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ | ᠥᠷᠨᠢᠭᠦᠯᠵᠦ᠂ ᠣᠯᠠᠨ ᠨᠡᠶᠢᠲᠡ ᠶᠢᠨ ᠣᠶᠤᠨᠴᠢ ᠪᠠᠷ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠢ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠴᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠬᠤᠷᠠᠯ ᠠᠴᠠ᠂ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠠᠯᠢᠪᠠ ᠠᠵᠢᠯ ᠢ ᠲᠡᠷᠢᠭᠦᠨ ᠳᠤ ᠲᠠᠯᠪᠢᠵᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠲᠦᠷᠢᠮ ᠤᠨ ᠪᠠᠶᠢᠭᠤᠯᠤᠯᠲᠠ᠂ ᠰᠢᠰᠲ᠋ᠧᠮ ᠢ | ᠲᠡᠭᠦᠯᠳᠡᠷᠵᠢᠭᠦᠯᠬᠦ᠂ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠠᠴᠠ ᠭᠠᠷᠳᠠᠨ ᠬᠦᠴᠦᠯᠡᠵᠦ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠨᠠᠶᠢᠳᠠᠪᠤᠷᠢᠵᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠶᠡᠷᠦᠩᠬᠡᠶᠢᠯᠡᠭᠰᠡᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | | |