ᠦᠳᠡᠯᠤᠭᠡ ᠨᠠᠰᠤ ᠪᠠᠨ ᠵᠢᠷᠭᠠᠭᠤᠯᠬᠤ ᠮᠦᠩᠭᠦ ᠪᠠᠨ ᠪᠠᠳᠤ ᠬᠠᠮᠠᠭᠠᠯᠠᠵᠤ ᠵᠤᠯ ᠵᠢᠷᠭᠠᠯ ᠲᠠᠢ ᠪᠠᠷ ᠦᠳᠡᠯᠤᠭᠡ ᠨᠠᠰᠤ ᠪᠠᠨ ᠦᠩᠭᠡᠷᠡᠭᠦᠯᠤᠶ᠎ᠡ
ᠨᠡᠶᠢᠲᠡᠯᠡᠭᠰᠡᠨ ᠴᠠᠭ᠄
2025/3/18
    ᠠᠯᠠᠱᠠ ᠪᠠᠷᠠᠭᠤᠨ ᠬᠤᠰᠢᠭᠤᠨ  ᠤ ᠮᠥᠩᠭᠦᠨ ᠭᠦᠢᠯᠭᠡᠭᠡᠨ  ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠡᠴᠡ ᠬᠣᠰᠢᠭᠤᠨ  ᠤ ᠡᠳ᠋  ᠤᠨ ᠵᠠᠰᠠᠭ  ᠤᠨ ᠲᠤᠪᠴᠢᠶ᠎ᠠ᠂  ᠲᠠᠷᠢᠶᠠᠯᠠᠩ ᠤᠨ ᠪᠠᠩᠬᠢ ᠶᠢᠨ ᠠᠯᠠᠱᠠ ᠪᠠᠷᠠᠭᠤᠨ ᠬᠤᠰᠢᠭᠤᠨ ᠤ ᠰᠠᠯᠪᠤᠷᠢ ᠪᠠᠩᠬᠢ᠂  ᠠᠯᠠᠱᠠ ᠪᠠᠷᠠᠭᠤᠨ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂  ᠳᠤᠮᠳᠠᠳᠤ ᠶᠢᠨ ᠡᠳ᠋ ᠤᠨ ᠵᠠᠰᠠᠭ ᠤᠨ ᠳᠠᠭᠠᠳᠭᠠᠯ  ᠤᠨ ᠠᠯᠠᠱᠠ ᠪᠠᠷᠠᠭᠤᠨ ᠬᠤᠰᠢᠭᠤᠨ ᠤ ᠰᠠᠯᠪᠤᠷᠢ ᠺᠣᠮᠫᠠᠨᠢ ᠲᠠᠢ ᠬᠤᠯᠪᠤᠭᠠᠯᠠᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠨᠠᠰᠤᠲᠠᠶᠢᠴᠤᠳ ᠤᠨ ᠮᠥᠩᠭᠦᠨ ᠭᠦᠢᠯᠭᠡᠭᠡᠨ ᠤ ᠡᠷᠬᠡ ᠠᠰᠢᠭ ᠢ ᠪᠠᠲᠤᠯᠠᠬᠤ ᠲᠣᠭᠤᠷᠢᠨ ᠳᠤ ᠨᠢᠭᠤᠷᠲᠠᠨ ᠶᠠᠷᠢᠯᠴᠠᠵᠤ ᠤᠬᠠᠭᠤᠯᠬᠤ ᠠᠵᠢᠯᠯᠠᠭ᠎ᠠ ᠥᠷᠨᠢᠭᠦᠯᠪᠡ᠃
1.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠠᠰᠤᠲᠠᠶᠢᠴᠤᠳ ᠲᠠᠢ ᠰᠠᠨᠠᠯ ᠢᠶᠠᠨ ᠰᠣᠯᠢᠯᠴᠠᠵᠤ᠂ ᠪᠠᠩᠬᠢ ᠶᠢᠨ ᠬᠠᠳᠠᠭᠠᠯᠠᠮᠵᠢ᠂ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠢ ᠬᠠᠮᠢᠶᠠᠷᠬᠤ᠂ ᠢᠲᠡᠭᠡᠮᠵᠢᠲᠦ ᠵᠢᠭᠡᠯᠡᠯᠭᠡ ᠶᠢᠨ ᠳᠠᠭᠠᠳᠬᠠᠯ ᠵᠡᠷᠭᠡ ᠰᠠᠭᠤᠷᠢ ᠮᠥᠩᠭᠦᠨ ᠭᠦᠢᠯᠭᠡᠭᠡᠨ ᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠦᠷᠭᠦᠯᠵᠢ ᠲᠣᠬᠢᠶᠠᠯᠳᠤᠳᠠᠭ ᠮᠥᠩᠭᠦᠨ ᠭᠦᠢᠯᠭᠡᠭᠡᠨ ᠤ ᠮᠡᠬᠡᠯᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠮᠡᠬᠡᠯᠡᠯ ᠤᠨ ᠡᠲᠡᠭᠡᠳ ᠤᠨ ᠬᠡᠷᠡᠭ ᠬᠢᠬᠦ ᠠᠷᠭ᠎ᠠ ᠪᠠᠷᠢᠯ ᠪᠠ ᠦᠭᠡ ᠬᠡᠯᠡᠬᠦ ᠮᠡᠷᠭᠡᠵᠢᠯ ᠤᠨ ᠣᠨᠴᠠᠯᠢᠭ ᠢ ᠭᠦᠨᠵᠡᠭᠡᠢ ᠵᠠᠳᠠᠯᠵᠤ᠂ ᠤᠯᠠᠨ ᠢ ᠮᠥᠩᠭᠦᠨ ᠭᠦᠢᠯᠭᠡᠭᠡᠨ ᠤ ᠮᠡᠬᠡᠯᠡᠯ ᠤᠨ ᠠᠷᠭ᠎ᠠ ᠪᠠᠷᠢᠯ ᠤᠨ ᠲᠤᠬᠠᠢ ᠨᠡᠩ ᠰᠢᠭᠤᠳ᠂ ᠲᠣᠳᠣᠷᠬᠠᠢ ᠲᠠᠨᠢᠯᠲᠠ ᠲᠠᠢ ᠪᠣᠯᠭᠠᠪᠠ᠃    ᠨᠠᠰᠤᠲᠠᠶᠢᠴᠤᠳ ᠢ ᠠᠰᠠᠷᠠᠬᠤ ᠬᠦᠷᠢᠶᠡᠯᠡᠩ ᠤᠨ ᠨᠠᠰᠤᠲᠠᠨ ᠵᠠᠩ ᠷᠦᠩ    ᠥᠨᠥᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠨ᠂ ᠪᠢ ᠮᠠᠰᠢ ᠤᠯᠠᠨ ᠮᠡᠳᠡᠯᠭᠡ ᠶᠢ ᠣᠶᠢᠯᠠᠭᠠᠵᠤ᠂ ᠢᠯᠠᠩᠭᠤᠶ᠎ᠠ ᠮᠥᠩᠭᠦᠨ ᠭᠦᠢᠯᠭᠡᠭᠡᠨ ᠤ ᠮᠡᠬᠡᠯᠡᠭᠳᠡᠭᠰᠡᠨ ᠬᠡᠷᠡᠭ ᠤᠨ ᠵᠢᠱᠢᠶ᠎ᠡ ᠶᠢ ᠦᠵᠡᠵᠦ ᠪᠠᠷᠠᠮᠠᠭᠴᠠ ᠰᠠᠶ᠋ᠢ ᠡᠳᠡᠭᠡᠷ ᠮᠡᠬᠡᠯᠡᠭᠳᠡᠭᠰᠡᠨ ᠪᠠᠶᠢᠳᠠᠯ ᠮᠠᠨ ᠤ ᠳᠡᠷᠭᠡᠳᠡ ᠭᠠᠷᠴᠤ ᠮᠡᠳᠡᠨ᠎ᠠ᠂ ᠪᠢᠳᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠲᠩᠷᠢ ᠳᠡᠭᠡᠷ᠎ᠡ ᠡᠴᠡ ᠱᠠᠯᠪᠢᠩ ᠤᠨᠠᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠪᠢᠳᠡᠨ ᠤ ᠠᠷᠪᠢᠯᠠᠨ ᠭᠠᠮᠨᠠᠵᠤ ᠬᠡᠷᠡᠭᠯᠡᠵᠦ ᠪᠠᠶᠢᠭ᠎ᠠ ᠨᠠᠰᠤᠵᠢᠯ ᠤᠨ ᠮᠥᠩᠭᠦ ᠶᠢ ᠡᠷᠬᠡᠪᠰᠢ ᠪᠠᠲᠤᠯᠠᠬᠤ ᠬᠡᠷᠡᠭᠲᠡᠢ᠃    ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠢ  ᠮᠡᠭᠡᠯᠡᠭᠦ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠨᠠᠰᠤᠲᠠᠶᠢᠴᠤᠳ ᠤᠨ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠪᠤᠰᠤ ᠦᠢᠯᠡ ᠠᠵᠢᠯᠯᠠᠭ᠎ᠠ ᠶᠢᠨ ᠲᠣᠭᠤᠷᠢᠨ ᠳᠤ ᠤᠬᠠᠭᠤᠯᠭ᠎ᠠ ᠬᠥᠮᠦᠵᠢᠯ ᠬᠢᠵᠦ᠂ ᠪᠠᠭᠤᠷᠠᠶᠢᠴᠤᠤᠯ ᠤᠨ ᠲᠦᠭᠰᠢᠭᠦᠷᠢ ᠶᠢ ᠰᠡᠷᠭᠡᠶᠢᠯᠡᠬᠦ ᠪᠠ ᠡᠷᠬᠡ ᠠᠰᠢᠭ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠤᠬᠠᠢ ᠶᠢᠨ ᠲᠠᠯᠠᠪᠠᠢ ᠳᠤ ᠪᠠᠰᠠ ᠮᠥᠩᠭᠦᠨ ᠭᠦᠢᠯᠭᠡᠭᠡᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠵᠢᠵᠢᠭ ᠲᠣᠭᠯᠠᠭᠠᠮ ᠢ ᠶᠠᠪᠤᠭᠳᠠᠭᠤᠯᠵᠤ᠂ ᠨᠠᠰᠤᠲᠠᠶᠢᠴᠤᠳ ᠢᠳᠡᠪᠬᠢᠲᠡᠢ ᠣᠷᠣᠯᠴᠠᠵᠤ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠮᠥᠩᠭᠦᠨ ᠭᠦᠢᠯᠭᠡᠭᠡᠨ ᠤ ᠮᠡᠳᠡᠯᠭᠡ ᠶᠢᠨ ᠲᠤᠬᠠᠢ ᠣᠶᠢᠯᠠᠭᠠᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠪᠡ᠃
2.jpg
    ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠠᠱᠠ ᠪᠠᠷᠠᠭᠤᠨ ᠬᠤᠰᠢᠭᠤᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶᠠᠨ ᠤ ᠳᠡᠳ᠋ ᠳᠠᠷᠤᠭ᠎ᠠ ᠼᠦᠢ ᠳ᠋ᠠᠨ    ᠲᠠᠷᠠᠭᠠᠴᠢ ᠶᠢᠨ ᠠᠯᠬᠤᠮ ᠳᠤ᠂ ᠠᠯᠠᠱᠠ ᠪᠠᠷᠠᠭᠤᠨ ᠬᠤᠰᠢᠭᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠲᠥᠪ ᠪᠠ ᠭᠠᠵᠠᠷ ᠣᠷᠣᠨ ᠤ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠤᠷᠤᠭᠰᠢᠯᠠᠵᠤ᠂ ᠣᠯᠠᠨ ᠲᠦᠮᠡᠨ ᠤ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠤ ᠢᠳᠡᠪᠬᠢᠲᠡᠶ ᠣᠷᠣᠯᠴᠠᠵᠤ᠂ ᠮᠥᠩᠭᠦᠨ ᠭᠦᠢᠯᠭᠡᠭᠡᠨ ᠤ ᠰᠤᠷᠭᠠᠨ ᠬᠥᠮᠦᠵᠢᠯ ᠤᠨ ︽ᠲᠣᠣᠷᠵᠢᠭᠤᠯᠤᠭᠰᠠᠨ︾ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ ᠣᠯᠠᠨ ᠤ ᠵᠣᠭᠤᠰᠣᠨ ᠤᠭᠤᠲᠠ ᠶᠢ ᠰᠠᠶᠢᠲᠤᠷ ᠰᠠᠬᠢᠨ ᠬᠠᠮᠠᠭᠠᠯᠠᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ᠂ ᠠᠷᠠᠳᠴᠢ ᠴᠢᠨᠠᠷ ᠢ ᠭᠦᠢᠴᠡᠳ ᠦᠢᠯᠡᠳᠦᠯᠭᠡᠵᠢᠭᠦᠯᠦᠨ᠎ᠡ ᠭᠡᠪᠡ᠃                            
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号