ᠭᠦᠵᠡᠯᠵᠡᠭᠡᠨ᠎ᠡ ᠶᠢ ᠶᠠᠭᠠᠬᠢᠵᠤ ᠤᠬᠢᠶᠠᠪᠠᠯ ᠴᠡᠪᠡᠷᠬᠡᠨ ᠪᠣᠯᠬᠤ ᠪᠤᠢ︖
ᠨᠡᠶᠢᠲᠡᠯᠡᠭᠰᠡᠨ ᠴᠠᠭ᠄
2025/3/19
    ᠵᠠᠷᠢᠮ ᠰᠤᠳᠤᠯᠭᠠᠨ ᠳᠤ ᠣᠷᠣᠰᠬᠠᠯ ᠣᠰᠣ᠂ ᠣᠽᠣᠨ᠂ ᠬᠡᠲᠦ ᠲᠠᠭᠤᠨ ᠳᠣᠯᠭᠢᠶᠠᠨ ᠢᠶᠠᠷ ᠭᠦᠵᠡᠯᠵᠡᠭᠡᠨ᠎ᠡ ᠶᠢᠨ ᠳᠣᠲᠣᠷᠠᠬᠢ 16 ᠵᠦᠢᠯ ᠤᠨ ᠲᠠᠷᠢᠶᠠᠨ ᠡᠮ ᠢ ᠠᠷᠢᠯᠭᠠᠬᠤ ᠦᠷ᠎ᠡ ᠳ᠋ᠦᠩ ᠢ ᠬᠠᠷᠢᠴᠠᠭᠤᠯᠵᠠᠶ᠃ ᠡᠭᠦᠨ ᠤ ᠳ᠋ᠦᠩ ᠳᠤ ᠂ ᠤᠷᠤᠰᠬᠠᠯ ᠤᠰᠤ ᠪᠠᠷ ᠤᠬᠢᠶᠠᠪᠠᠯ 19.8%-68.1% ᠶᠢᠨ ᠲᠠᠷᠢᠶᠠᠨ ᠡᠮ ᠢ ᠠᠷᠢᠯᠭᠠᠵᠤ ᠲᠠᠶᠢᠯᠤᠨ᠎ᠠ᠂ ᠣᠽᠣᠨ ᠢᠶᠠᠷ ᠤᠬᠢᠶᠠᠪᠠᠯ 36.1%-75.1% ᠶᠢᠨ ᠲᠠᠷᠢᠶᠠᠨ ᠡᠮ ᠢ ᠠᠷᠢᠯᠭᠠᠵᠤ ᠲᠠᠶᠢᠯᠤᠨ᠎ᠠ᠂ ᠬᠡᠲᠦ ᠲᠠᠭᠤᠨ ᠳᠣᠯᠭᠢᠶᠠᠨ ᠢᠶᠠᠷ ᠤᠬᠢᠶᠠᠪᠠᠯ ᠲᠠᠷᠢᠶᠠᠨ ᠡᠮ ᠢ ᠠᠷᠢᠯᠭᠠᠪᠠᠯ ᠦᠷ᠎ᠡ ᠳ᠋ᠦᠩ ᠨᠢ ᠨᠠᠩ ᠰᠠᠶᠢᠨ᠂ 91.2% ᠤᠨ ᠲᠠᠷᠢᠶᠠᠨ ᠡᠮ ᠢ ᠠᠷᠢᠯᠭᠠᠵᠤᠲᠠᠶᠢᠯᠤᠨ᠎ᠠ᠃    ᠠᠩᠬᠠᠷᠤᠭᠤᠰᠢᠲᠠᠶ ᠨᠢ᠂ ᠭᠦᠵᠡᠯᠵᠡᠭᠡᠨ᠎ᠡ ᠶᠢ ᠤᠬᠢᠶᠠᠬᠤ ᠳᠠᠭᠠᠨ ᠭᠦᠵᠡᠯᠵᠡᠭᠡᠨ᠎ᠡ ᠶᠢᠨ ᠡᠰᠢ ᠶᠢ ᠠᠪᠴᠤ ᠬᠠᠶᠠᠵᠤ ᠪᠣᠯᠬᠤ ᠥᠬᠡᠶ᠃ ᠰᠤᠳᠤᠯᠭᠠᠨ ᠳᠤ ᠠᠵᠢᠯᠲᠠᠨ ᠠᠴᠠ ᠬᠡᠲᠦ ᠳᠡᠯᠭᠡᠭᠦᠷ᠂ ᠵᠢᠮᠢᠰ ᠤᠨ ᠳᠡᠯᠭᠡᠭᠦᠷ᠂ ᠵᠠᠮ ᠤᠨ ᠬᠠᠵᠠᠭᠤ ᠶᠢᠨ ᠵᠢᠮᠢᠰ ᠤᠨ ᠳᠡᠯᠭᠡᠭᠦᠷ ᠠᠴᠠ ᠲᠣᠰ ᠲᠣᠰ 3 ᠺᠢᠯᠣᠭ᠍ᠷᠠᠮ ᠭᠦᠵᠡᠯᠵᠡᠭᠡᠨ᠎ᠡ ᠠᠪᠴᠤ᠂ ᠳᠤᠮᠳᠠᠴᠢ ᠪᠠᠷ ᠲᠣᠰ ᠲᠣᠰ 8 ᠬᠤᠪᠢ ᠬᠤᠪᠢᠶᠠᠵᠤ᠂ ᠲᠣᠰ ᠲᠣᠰ ᠳᠣᠤᠷᠠᠬᠢ ᠵᠢᠷᠤᠭ ᠬᠦᠰᠦᠨᠦᠭᠲᠦ ᠳᠠᠬᠢ 8 ᠵᠦᠢᠯ ᠤᠨ ᠤᠬᠢᠶᠠᠨ ᠴᠡᠪᠡᠷᠯᠡᠬᠦ ᠠᠷᠭ᠎ᠠ ᠶᠢ ᠬᠡᠷᠡᠭᠯᠡᠵᠦ᠂ ᠠᠳᠠᠯᠢ ᠪᠤᠰᠤ ᠤᠬᠢᠶᠠᠨ ᠴᠡᠪᠡᠷᠯᠡᠬᠦ ᠠᠷᠭ᠎ᠠ ᠶᠢᠨ ᠭᠦᠵᠡᠯᠵᠡᠭᠡᠨ᠎ᠡ ᠶᠢᠨ ᠥᠯᠢᠭᠡᠷ ᠡᠳ᠋ ᠤᠨ ᠲᠣᠮᠳᠠᠬᠢ ᠲᠠᠷᠢᠶᠠᠴᠢᠨ ᠡᠮ ᠲᠤ ᠦᠵᠡᠭᠦᠯᠬᠦ ᠨᠥᠯᠥᠭᠡ ᠶᠢ ᠬᠠᠷᠢᠴᠠᠭᠤᠯᠵᠠᠶ᠃     ᠲᠤᠷᠰᠢᠯᠲᠠ ᠶᠢᠨ ᠳ᠋ᠦᠩ ᠳᠤ ᠣᠯᠵᠤ ᠮᠡᠳᠡᠭᠰᠡᠨ ᠨᠢ᠄ ᠭᠦᠵᠡᠯᠵᠡᠭᠡᠨ᠎ᠡ ᠶᠢᠨ ᠡᠰᠢ ᠶᠢ ᠠᠪᠴᠤ ᠬᠠᠶᠠᠭᠰᠠᠨ ᠤ ᠳᠠᠷᠠᠭ᠎ᠠ ᠳᠠᠬᠢᠨ ᠳᠡᠪᠲᠦᠭᠡᠭᠰᠡᠨ ᠭᠦᠵᠡᠯᠵᠡᠭᠡᠨ᠎ᠡ ᠶᠢᠨ ᠦᠯᠡᠳᠡᠭᠳᠡᠯ ᠨᠢ ᠬᠠᠷᠢᠴᠠᠩᠭᠤᠶ ᠪᠠᠷ ᠠᠪᠴᠤ ᠬᠡᠯᠡᠪᠡᠯ ᠨᠡᠩ ᠥᠨᠳᠥᠷ ᠰᠢᠭ᠂ ᠬᠠᠷᠢᠨ ᠭᠦᠵᠡᠯᠵᠡᠭᠡᠨ᠎ᠡ ᠶᠢᠨ ᠡᠰᠢ ᠶᠢ ᠠᠪᠴᠤ ᠬᠠᠶᠠᠬᠤ ᠦᠭᠡᠶ ᠲᠠᠷᠢᠶᠠᠨ ᠦᠯᠡᠳᠡᠭᠳᠡᠯ ᠨᠢ ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠳᠠᠭ᠃     ᠡᠩ ᠤᠨ ᠦᠶ᠎ᠡ ᠳᠤ ᠭᠦᠵᠡᠯᠵᠡᠭᠡᠨ᠎ᠡ ᠶᠢ ᠤᠬᠢᠶᠠᠬᠤ ᠳᠠᠭᠠᠨ ᠤᠷᠢᠳ ᠢᠶᠠᠷ ᠲᠦᠭᠡᠭᠡᠯ ᠤᠰᠤ ᠪᠠᠷ ᠤᠬᠢᠶᠠᠵᠤ᠂ ᠳᠠᠷᠠᠭ᠎ᠠ ᠨᠢ ᠴᠡᠪᠡᠷ ᠤᠰᠤ᠂ ᠴᠡᠩᠭᠡᠭ ᠳᠠᠪᠤᠰᠤ ᠲᠠᠢ ᠤᠰᠤ ᠪᠤᠶᠤ ᠪᠤᠳᠠᠭ᠎ᠠ ᠲᠤᠩᠭᠠᠬᠤ ᠤᠰᠤ ᠪᠠᠷ 5 ᠮᠢᠨᠦ᠋ᠲ ᠳᠡᠪᠲᠦᠭᠡᠭᠡᠳ ᠳᠠᠬᠢᠨ ᠤᠬᠢᠶᠠᠪᠠᠯ ᠪᠣᠯᠴᠢᠬᠠᠨ᠎ᠠ᠃     ᠬᠠᠮᠤᠭ ᠰᠡᠭᠦᠯ ᠳᠤ ᠣᠯᠠᠨ ᠳᠤ ᠰᠠᠨᠠᠭᠤᠯᠬᠤ ᠨᠢ᠄ ᠭᠦᠵᠡᠯᠵᠡᠭᠡᠨ᠎ᠡ ᠶᠢ ᠤᠬᠢᠶᠠᠯᠭ᠎ᠠ ᠶᠢᠨ ᠡᠳ᠋ ᠢᠶᠠᠷ ᠤᠬᠢᠶᠠᠬᠤ ᠶᠢ ᠰᠠᠨᠠᠭᠤᠯᠬᠤ ᠥᠬᠡᠶ᠂ ᠤᠴᠢᠷ ᠨᠢ ᠲᠡᠭᠦᠨ ᠤ ᠦᠯᠡᠳᠡᠭᠳᠡᠯ ᠪᠣᠳᠠᠰ ᠤᠨ ᠠᠶᠤᠯᠭᠦᠶ ᠴᠢᠨᠠᠷ ᠢ ᠬᠠᠷᠠᠬᠠᠨ ᠦᠨᠡᠯᠡᠭᠡᠳᠦᠶ᠂ ᠲᠡᠭᠦᠨ ᠤ ᠬᠦᠴᠦᠨ ᠪᠥᠬᠦᠶ ᠴᠢᠨᠠᠷ ᠢ ᠬᠠᠷᠠᠬᠠᠨ ᠰᠢᠯᠭᠠᠨ ᠪᠠᠶᠢᠴᠠᠭᠠᠬᠤ ᠪᠤᠶᠤ ᠪᠠᠷᠢᠮᠵᠢᠶᠠᠵᠢᠭᠤᠯᠬᠤ ᠶᠢ ᠥᠩᠭᠡᠷᠡᠭᠡᠭᠰᠡᠨ ᠥᠬᠡᠶ᠃
1.jpg
2.jpg
   
 
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号