ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠠᠷᠤᠮᠤᠳᠤ ᠭᠠᠴᠠᠭᠠᠨ ᠤ ᠪᠣᠬᠢᠷᠲᠤᠯ ᠦᠭᠡᠢ | ᠮᠠᠯ ᠠᠵᠤ ᠠᠬᠤᠢ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠤ ᠲᠠᠷᠢᠶᠠᠯᠠᠬᠤ ᠰᠣᠶᠣᠯ ᠤᠨ ᠦᠢᠯᠡᠳᠦᠯᠭᠡ ᠶᠢᠨ | ᠰᠠᠭᠤᠷᠢᠨ ᠭᠠᠵᠠᠷ ᠲᠤ ᠪᠤᠷᠳᠤᠭᠤᠷ ᠵᠥᠭᠡᠭᠡᠪᠦᠷᠢᠯᠡᠬᠦ ᠲᠷᠠᠺᠲ᠋ᠣᠷ ᠪᠣᠯᠣᠨ ᠪᠤᠷᠳᠤᠭᠤᠷ ᠰᠠᠪᠠᠯᠠᠬᠤ ᠮᠠᠰᠢᠨ ᠨᠢ ᠶᠠᠭ | ᠲᠠᠷᠢᠶᠠᠨ ᠭᠠᠵᠠᠷ ᠢᠶᠠᠷ ᠨᠠᠰᠢ ᠴᠠᠰᠢ ᠰᠦᠯᠵᠢᠯᠳᠦᠨᠠ᠃ ᠰᠢᠷᠭᠠᠯ ᠲᠠᠷᠢᠶᠠᠨ ᠭᠠᠵᠠᠷ ᠨᠢ ᠲᠡᠳᠡᠨ ᠤ ᠰᠢᠷᠭᠠᠭᠤ | ᠬᠠᠲᠠᠭᠤᠵᠢᠯᠲᠠᠢ ᠠᠵᠢᠯᠯᠠᠭᠠᠨ ᠤ ᠳᠣᠣᠷ᠎ᠠ ᠢᠳᠡᠭ ᠢᠳᠡᠭ ᠢᠶᠠᠷ ᠥᠳᠲᠡᠷ ᠲᠦᠷᠭᠡᠨ ᠬᠠᠷᠠᠯᠠᠵᠤ᠂ ᠨᠢᠳᠦᠨ | ᠡᠮᠦᠨ᠎ᠡ ᠬᠥᠷ ᠬᠥᠭᠵᠢᠶᠡᠨ ᠲᠠᠢ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠪᠡ᠃ | | | | | ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠤ ᠲᠠᠷᠢᠶᠠᠯᠠᠬᠤ ᠰᠣᠶᠣᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠵᠠᠩ ᠫᠢᠩ | ᠮᠠᠨ ᠤ ᠲᠠᠷᠢᠶᠠᠯᠠᠩ ᠤᠨ ᠲᠠᠯᠠᠪᠠᠢ ᠶᠢᠨ ᠬᠠᠷᠠᠯᠲᠠ ᠪᠣᠯ ᠭᠠᠵᠠᠷ ᠰᠢᠷᠣᠶ ᠶᠢ ᠡᠷᠡᠭᠦᠯ ᠴᠢᠭᠢᠷᠠᠭ ᠪᠣᠯᠭᠠᠨ᠎ᠠ᠂ | ᠬᠠᠷᠢᠨ ᠭᠠᠵᠠᠷ ᠰᠢᠷᠣᠶ ᠶᠢ ᠬᠡᠲᠦᠷᠡᠲᠡᠯ᠎ᠡ ᠵᠠᠷᠤᠬᠤ ᠪᠢᠰᠢ᠃ ᠥᠩᠭᠡᠷᠡᠭᠰᠡᠨ ᠳᠤ ᠬᠢᠮᠢ ᠶᠢᠨ ᠪᠣᠷᠲᠣᠭᠤᠷ ᠲᠠᠷᠢᠶᠠᠨ ᠡᠮ | ᠳᠠᠷᠢᠬᠤ ᠠᠷᠭ᠎ᠠ ᠨᠢ ᠬᠥᠷᠥᠰᠥ ᠰᠢᠷᠣᠶ ᠶᠢ ᠤᠯᠠᠮ ᠠᠴᠠ ᠤᠯᠠᠮ ᠰᠢᠮ᠎ᠡ ᠲᠡᠵᠢᠭᠡᠯ ᠳᠤᠲᠠᠭᠳᠠᠭᠤᠯᠵᠤ ᠪᠠᠶᠢᠵᠠᠶ᠂ | ᠣᠲᠣ ᠳᠠᠷᠢᠵᠤ ᠲᠡᠵᠢᠭᠡᠬᠦ ᠡᠷᠭᠢᠯᠲᠡ ᠪᠠᠷ ᠳᠡᠮᠵᠢᠨ ᠲᠡᠮᠡᠭᠡ ᠲᠡᠵᠢᠭᠡᠵᠦ ᠪᠠᠶᠢᠭ᠎ᠠ ᠡᠷᠦᠬᠡ ᠶᠢᠨ ᠲᠡᠮᠡᠭᠡᠨ ᠪᠠᠭᠠᠰᠤ ᠶᠢ | ᠡᠷᠳᠡᠨᠢ ᠪᠣᠯᠭᠠᠵᠤ᠂ ᠲᠠᠷᠢᠶᠠᠯᠠᠩ ᠢ ᠪᠠᠶᠢᠭᠠᠯᠢ ᠶᠢᠨ ᠵᠢᠮ᠎ᠡ ᠶᠣᠰᠣᠨ ᠳᠤ ᠪᠤᠴᠠᠭᠠᠨ᠂ ᠡᠷᠡᠭᠦᠯ ᠰᠠᠶᠢᠬᠠᠨ ᠠᠮᠲᠠ ᠲᠠᠢ | ᠢᠳᠡᠭᠡᠨ ᠢ ᠦᠢᠯᠡᠳᠪᠦᠷᠢᠯᠡᠵᠤ ᠴᠢᠳᠠᠬᠤ ᠮᠥᠷᠲᠡᠭᠡᠨ ᠣᠷᠴᠢᠨ ᠲᠣᠭᠤᠷᠢᠨ ᠢ ᠴᠤ ᠬᠠᠮᠠᠭᠠᠯᠠᠵᠤ ᠴᠢᠳᠠᠨ᠎ᠠ᠃ | | | | | | ᠵᠠᠩ ᠫᠢᠩ ᠵᠠᠭᠤ ᠭᠠᠷᠤᠶ ᠮᠦ ᠲᠠᠷᠢᠶᠠᠨ ᠭᠠᠵᠠᠷ ᠲᠠᠢ ᠪᠠᠶᠢᠵᠤ᠂ ᠭᠤᠤᠯᠳᠠᠭᠤ ᠲᠠᠷᠪᠤᠰ᠂ ᠲᠥᠮᠥᠰᠥ ᠵᠡᠷᠭᠡ | ᠲᠠᠷᠢᠮᠠᠯ ᠳᠠᠷᠢᠵᠤ᠂ ᠲᠡᠷᠡ ᠪᠣᠬᠢᠷᠲᠤᠯ ᠥᠬᠡᠶ ᠳᠠᠷᠢᠵᠤ ᠲᠡᠵᠢᠭᠡᠬᠦ ᠡᠷᠭᠢᠯᠳᠡᠳᠦ ᠲᠠᠷᠢᠶᠠᠯᠠᠩ ᠤᠨ ᠬᠥᠭᠵᠢᠯᠲᠡ ᠶᠢᠨ | ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠡᠷᠬᠢᠨ ᠲᠣᠭᠤᠷᠢᠨ ᠤ ᠲᠡᠮᠡᠭᠡ ᠲᠡᠵᠢᠭᠡᠬᠦ ᠡᠷᠦᠬᠡ ᠶᠢᠨ ᠲᠡᠮᠡᠭᠡᠨ ᠤ | ᠪᠠᠭᠠᠰᠤ ᠰᠢᠭᠡᠰᠦ ᠶᠢ ᠴᠤᠭᠯᠠᠭᠤᠯᠬᠤ ᠪᠠᠷ ᠳᠠᠮᠵᠢᠭᠤᠯᠤᠨ᠂ ᠥᠨᠳᠥᠷ ᠳᠤᠯᠠᠭᠠᠨ ᠳᠤ ᠢᠰᠬᠡᠵᠦ᠂ ᠴᠢᠨᠠᠷ ᠰᠠᠶᠢᠲᠠᠶ | ᠣᠷᠭᠠᠨᠢᠭ ᠪᠣᠷᠲᠣᠭᠤᠷ ᠢ ᠲᠠᠷᠢᠶᠠᠨ ᠳᠤ ᠣᠷᠣᠭᠤᠯᠤᠨ ᠰᠢᠢᠳᠪᠦᠷᠢᠯᠡᠵᠦ᠂ ᠰᠠᠭᠤᠷᠢᠨ ᠭᠠᠵᠠᠷ ᠤᠨ ᠲᠠᠷᠢᠮᠠᠯ ᠤᠨ ᠡᠰᠢ | ᠰᠦᠷᠡᠯ ᠢ ᠬᠠᠷᠢᠨ ᠲᠡᠵᠢᠭᠡᠯ ᠪᠣᠷᠳᠤᠭ᠎ᠠ ᠪᠣᠯᠭᠠᠨ ᠪᠣᠯᠪᠠᠰᠤᠷᠠᠭᠤᠯᠵᠤ᠂ ᠪᠥᠬᠦ ᠶᠠᠪᠤᠴᠠ ᠳᠤ ᠬᠠᠶᠠᠭᠳᠠᠮᠠᠯ ᠪᠣᠳᠠᠰ ᠢ | ᠡᠷᠳᠡᠨᠢ ᠪᠣᠯᠭᠠᠵᠤ᠂ ᠡᠨᠡ ᠵᠢᠯ ᠲᠡᠮᠡᠭᠡᠨ ᠤ ᠢᠯᠭᠠᠳᠠᠰᠤ ᠪᠠᠷ 2000 ᠲᠣᠨ ᠣᠷᠭᠠᠨᠢᠭ ᠪᠣᠷᠲᠣᠭᠤᠷ | ᠦᠢᠯᠡᠳᠪᠦᠷᠢᠯᠡᠵᠦ᠂ 1000 ᠲᠣᠨ ᠣᠷᠭᠠᠨᠢᠭ ᠪᠣᠷᠲᠣᠭᠤᠷ ᠦᠢᠯᠡᠳᠪᠦᠷᠢᠯᠡᠵᠦ᠂ ᠰᠠᠭᠤᠷᠢᠨ ᠭᠠᠵᠠᠷ ᠤᠨ | ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ 95% ᠶᠢ ᠳᠠᠪᠠᠵᠤ᠂ ᠠᠮᠢ ᠠᠬᠤᠶ ᠶᠢᠨ ᠬᠡᠯᠬᠢᠶ᠎ᠡ ᠶᠢ | ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ ᠪᠠᠶᠢᠨ᠎ᠠ᠃ | | | | | ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠤ ᠲᠠᠷᠢᠶᠠᠯᠠᠬᠤ ᠰᠣᠶᠣᠯ ᠤᠨ | ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠵᠠᠩ ᠫᠢᠩ | 6 ᠵᠢᠯ ᠤᠨ ᠴᠢᠷᠮᠠᠶᠢᠯᠭ᠎ᠠ ᠪᠠᠷ᠂ ᠮᠠᠨ ᠤ ᠲᠠᠷᠢᠶᠠᠯᠠᠩ ᠤᠨ ᠲᠠᠯᠠᠪᠠᠢ ᠶᠢᠨ ᠲᠠᠷᠪᠤᠰ᠂ ᠲᠥᠮᠥᠰᠥ᠂ ᠪᠥᠭᠡᠷᠡᠩᠬᠡᠶ | ᠰᠣᠩᠭᠢᠨ᠎ᠠ ᠵᠡᠷᠭᠡ ᠲᠠᠷᠢᠮᠠᠯ ᠵᠠᠬ᠎ᠠ ᠳᠡᠯᠭᠡᠭᠦᠷ ᠲᠤ ᠭᠠᠷᠤᠮᠠᠭᠴᠠ ᠬᠡᠷᠡᠭᠯᠡᠭᠴᠢᠳ ᠤᠨ ᠮᠠᠭᠲᠠᠭᠠᠯ ᠪᠠ ᠬᠦᠷᠢᠶᠡᠯᠡᠯ ᠢ | ᠣᠯᠵᠤ᠂ ᠣᠯᠠᠨ ᠢᠶᠠᠷ ᠢᠶᠠᠨ ᠪᠠᠭ᠎ᠠ ᠶᠢᠨ ᠦᠶ᠎ᠡ ᠶᠢᠨ ᠠᠮᠲᠠ ᠶᠢ ᠣᠯᠵᠤ ᠢᠳᠡᠵᠡᠶ ᠭᠡᠵᠦ ᠬᠡᠯᠡᠪᠡ ᠃ ᠪᠣᠬᠢᠷᠲᠤᠯ | ᠦᠭᠡᠢ ᠡᠷᠭᠢᠯᠲᠡ ᠨᠢ ᠮᠡᠷᠭᠡᠵᠢᠯ ᠪᠣᠯᠬᠤ ᠪᠠᠷ ᠪᠠᠷᠠᠬᠤ ᠦᠭᠡᠢ ᠨᠠᠩ ᠴᠤ ᠨᠢᠭᠡ ᠵᠦᠢᠯ ᠤᠨ ᠭᠠᠵᠠᠷ ᠰᠢᠷᠣᠶ ᠳᠤ | ᠬᠠᠨᠳᠤᠬᠤ ᠬᠠᠷᠢᠭᠤᠴᠠᠯᠭ᠎ᠠ ᠮᠥᠨ᠂ ᠮᠦᠨᠴᠤ ᠬᠤᠶᠢᠴᠢ ᠦᠶ᠎ᠡ ᠶᠢᠨ ᠬᠢᠨ ᠳᠤ ᠠᠮᠢᠵᠢᠷᠠᠯ ᠤᠨ ᠬᠦᠴᠦᠨ ᠲᠠᠢ ᠢᠳᠡᠭᠡᠨ | ᠢᠳᠡᠭᠦᠯᠦᠶ᠎ᠡ ᠭᠡᠵᠦ ᠪᠤᠳᠤᠵᠤ ᠪᠠᠶᠢᠨ᠎ᠠ᠃ | | | | | | |