ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ | ᠠᠬᠢᠭᠤᠯᠬᠤ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠬᠤᠰᠢᠭᠤ ᠳᠠᠷᠤᠭ᠎ᠠ ᠵᠢᠶᠠᠩ ᠪᠢᠩ ᠵᠢᠶᠧ ᠪᠦᠯᠬᠦᠮ ᠳᠠᠭᠠᠭᠤᠯᠤᠨ ᠪᠥᠸᠧ ᠶᠤᠸᠠᠨ ᠢᠩᠭᠡᠨ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ | ᠰᠤᠳᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠢ | ᠶᠠᠷᠢᠯᠴᠠᠨ ᠰᠣᠯᠢᠯᠴᠠᠬᠤ ᠶᠢᠨ ᠬᠠᠮᠲᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳ ᠨᠢᠭᠡ ᠪᠠᠷ ᠬᠠᠷᠢᠭᠤᠯᠲᠠ | ᠥᠭᠴᠦ᠂ ᠲᠣᠭᠲᠠᠭᠰᠠᠨ ᠬᠤᠭᠤᠴᠠᠭᠠᠨ ᠳᠤ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠶ ᠭᠡᠵᠦ ᠱᠠᠭᠠᠷᠳᠠᠪᠠ᠃ | | | | | ᠵᠢᠶᠠᠩ ᠪᠢᠩ ᠵᠢᠶᠧ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠶ ᠪᠥᠬᠦ | ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠠᠪᠤᠳᠠᠯ ᠪᠣᠯᠤᠨ᠎ᠠ᠃ ᠡᠯ᠎ᠡ ᠰᠠᠯᠠᠭ᠎ᠠ | ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ᠠᠵᠤ | ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠤᠰᠬᠠᠢ ᠬᠥᠮᠥᠨ ᠲᠤᠰᠬᠠᠢ | ᠠᠩᠭᠢ ᠶᠢ ᠬᠠᠷᠢᠭᠤᠴᠠᠨ ᠳᠠᠭᠠᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ᠂ ᠤᠰᠤ ᠬᠡᠷᠡᠭᠯᠡᠬᠦ᠂ ᠭᠠᠵᠠᠷ | ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠥᠨ ᠴᠢᠨᠠᠷ ᠤᠨ | ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠵᠢᠯᠣᠭᠤᠳᠤᠨ ᠳᠡᠭᠡᠭᠰᠢᠯᠡᠭᠦᠯᠵᠦ | ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠢ ᠬᠠᠪᠰᠤᠷᠤᠨ ᠪᠣᠳᠠᠲᠤ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠠᠵᠤ | ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠠᠬ᠎ᠠ ᠳᠡᠯᠭᠡᠭᠦᠷ ᠤᠨ ᠳᠠᠷᠤᠯᠲᠠ ᠳᠤ | ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠳᠠᠪᠠᠭᠤᠯᠢᠭ ᠲᠠᠭᠠᠨ ᠰᠠᠭᠤᠷᠢᠯᠠᠨ ᠳᠠᠯᠳᠠ ᠬᠦᠴᠦᠨ ᠢᠶᠠᠨ ᠭᠦᠨ | ᠠᠭᠤᠳᠠᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠪᠥᠬᠦ | ᠬᠦᠴᠦᠨ ᠢᠶᠠᠷ ᠢᠶᠠᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠥᠬᠦ ᠬᠤᠰᠢᠭᠤᠨ ᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠭᠡᠵᠡᠶ᠃ | ᠳᠡᠳ᠋ ᠬᠤᠰᠢᠭᠤ ᠳᠠᠷᠤᠭ᠎ᠠ ᠫᠠᠨ ᠼᠦᠨ ᠵᠢᠶᠦ᠋ᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ | ᠣᠷᠣᠯᠴᠠᠪᠠ᠃ | | |